ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠶᠢᠨ ᠡᠳᠦᠷ ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠴᠦᠩᠴᠢᠩ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠪᠣᠯᠣᠨ ᠨᠠᠮ ᠤᠨ ᠲᠥᠪ ᠬᠤᠷᠢᠶ᠎ᠠ ᠠᠴᠠ | ᠳᠠᠭᠠᠭᠠᠯᠭᠠᠭᠰᠠᠨ ᠡᠭᠦᠷᠭᠡ ᠪᠠᠷ ᠪᠠᠷᠢᠮᠵᠢᠶᠠᠯᠠᠵᠤ᠂ ᠬᠠᠷᠢᠴᠠᠩᠭᠤᠢ ᠳᠠᠪᠠᠭᠤᠯᠢᠭ᠂ ᠬᠤᠵᠢᠭᠤ ᠬᠥᠭᠵᠢᠯᠲᠡ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ | ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ᠂ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠶᠡᠷᠦᠩᠬᠡᠶᠢᠯᠡᠭᠰᠡᠨ | ᠬᠦᠢᠰᠦ ᠶᠢ ᠬᠦᠴᠦᠯᠡᠨ ᠪᠠᠶᠢᠭᠤᠯᠵᠤ᠂ ︽ᠭᠤᠷᠪᠠᠨ ᠦᠢᠯᠡᠳᠦᠯ ︾ ᠢ ᠪᠠᠳᠠᠷᠠᠭᠤᠯᠬᠤ ᠲᠠᠯ᠎ᠠ ᠪᠠᠷ ᠨᠡᠩ ᠶᠡᠭᠡ ᠵᠢᠳᠬᠦᠯ | ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠦᠩᠴᠢᠩ ᠤᠨ ᠬᠠᠭᠤᠳᠠᠰᠤ ᠶᠢ | ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠴᠦᠩᠴᠢᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ | ᠴᠦᠩᠴᠢᠩ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠬᠦᠷᠢᠶᠡᠯᠡᠩ ᠲᠣᠭᠤᠷᠢᠭ ᠤᠨ ᠴᠦᠩᠴᠢᠩ ᠤᠨ | ᠲᠡᠮᠦᠷ ᠵᠠᠮ ᠤᠨ ᠴᠢᠩᠭᠡᠯᠢᠭᠲᠦ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠭᠤᠣᠯ ᠥᠷᠲᠡᠭᠡ ᠳᠤ ᠠᠴᠢᠶᠠᠨ ᠤ ᠮᠠᠰᠢᠨ ᠲᠡᠷᠭᠡᠨ ᠤ | ᠵᠢᠯᠣᠭᠤᠴᠢ᠂ ᠭᠠᠯᠲᠤ ᠲᠡᠷᠭᠡᠨ ᠤ ᠵᠢᠯᠣᠭᠤᠴᠢ᠂ ᠲᠡᠭᠡᠭᠡᠵᠦ ᠪᠠᠭᠤᠯᠭᠠᠬᠤ ᠠᠵᠢᠯᠴᠢᠨ᠂ ᠲᠠᠯᠠᠪᠤᠷ ᠥᠷᠲᠡᠭᠡ ᠶᠢᠨ | ᠬᠠᠮᠢᠶᠠᠷᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | 4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠶᠤᠸᠠᠨ ᠵᠢᠶᠠ ᠵᠢᠶᠦ᠋ᠨ ᠪᠣᠯᠣᠨ ᠬᠤᠳᠠ ᠶᠢᠨ ᠳᠠᠷᠤᠭ᠎ᠠ ᠬᠤ᠋ ᠾᠧᠩ ᠬᠤᠸᠠ ᠶᠢᠨ ᠪᠠᠷ᠎ᠠ ᠪᠤᠯᠤᠯᠭ᠎ᠠ ᠲᠠᠢ ᠪᠠᠷ᠂ ᠪᠠᠷᠠᠭᠠᠨ ᠤ | ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠬᠤᠳᠠ ᠶᠢᠨ ᠨᠡᠶᠢᠭᠡᠮ ᠲᠣᠭᠤᠷᠢᠭ᠂ ᠲᠣᠭᠠᠴᠢᠯᠠᠭᠰᠠᠨ ᠬᠤᠳᠠ ᠶᠢᠨ ᠠᠵᠢᠯᠯᠠᠭᠠᠨ | ᠪᠣᠯᠣᠨ ᠵᠠᠰᠠᠯᠲᠠ ᠶᠢᠨ ᠲᠥᠪ ᠵᠡᠷᠭᠡ ᠪᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | | | 4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠴᠦᠩᠴᠢᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠵᠢᠦ | ᠯᠦᠩ ᠫᠥᠸᠧ ᠲᠣᠭᠤᠷᠢᠭ ᠤᠨ ᠰᠢᠶᠧ ᠵᠢᠶᠠ ᠸᠠᠨ ᠵᠡᠭᠡᠯᠢ ᠭᠤᠳᠤᠮᠵᠢ ᠶᠢᠨ ᠮᠢᠨ ᠵᠦ ᠲᠣᠰᠬᠤᠨ ᠤ ᠨᠡᠶᠢᠭᠡᠮ ᠲᠣᠭᠤᠷᠢᠭ ᠲᠤ | ᠰᠢᠨᠵᠢᠯᠡᠨ ᠪᠠᠶᠢᠴᠠᠭᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | 22 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠴᠦᠩᠴᠢᠩ ᠤᠨ ᠤᠯᠠᠨ ᠤᠯᠤᠰ ᠤᠨ | ᠪᠠᠷᠠᠭᠠᠨ ᠤ ᠭᠦᠢᠯᠭᠡᠭᠡ ᠶᠢᠨ ᠬᠦᠢᠰᠦ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠡᠷᠡ ᠪᠠᠷᠠᠭᠤᠨ ᠣᠷᠣᠨ ᠤ | ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠤᠨ ᠴᠦᠩᠴᠢᠩ ᠤᠨ ᠬᠠᠭᠤᠷᠠᠢ ᠭᠠᠷᠠᠮ ᠤᠨ ᠡᠵᠡᠩᠨᠡᠯᠲᠡ | ᠲᠣᠬᠢᠷᠠᠭᠤᠯᠤᠯᠲᠠ ᠶᠢᠨ ᠲᠥᠪ ᠲᠤ ᠬᠦᠷᠴᠦ᠂ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ᠂ ᠪᠠᠷᠠᠭᠠᠨ ᠤ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ | ᠠᠬᠤᠢ ᠶᠢᠨ ︽ᠰᠤᠳᠠᠰᠤ ︾ ᠮᠥᠨ᠃ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠨᠡᠪᠲᠡᠷᠡᠬᠦ ᠵᠠᠮ ᠢ | ᠪᠠᠶᠢᠭᠤᠯᠬᠤ ᠨᠢ ︽ᠡᠬᠡ ᠬᠠᠭᠤᠷᠠᠢ ᠲᠠᠯᠠᠢ ᠲᠠᠩᠭᠢᠰ ᠳᠣᠲᠣᠭᠠᠳᠤ ᠭᠠᠳᠠᠭᠠᠳᠤ ᠬᠤᠯᠪᠣᠯᠳᠤᠨ ᠬᠥᠳᠡᠯᠦᠯᠴᠡᠵᠦ᠂ ᠵᠡᠭᠦᠨᠰᠢ | ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠤᠰᠠᠯᠠᠬᠤ ︾ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠤᠢ ᠪᠤᠯᠭᠠᠬᠤ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠡᠨᠡ ᠬᠦ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠰᠠᠶᠢᠲᠤᠷ ᠪᠦᠲᠦᠭᠡᠨ | ᠪᠠᠶᠢᠭᠤᠯᠵᠤ᠂ ᠰᠠᠶᠢᠲᠤᠷ ᠡᠵᠡᠩᠨᠡᠵᠦ᠂ ᠪᠠᠷᠠᠭᠤᠨ ᠣᠷᠣᠨ ᠪᠣᠯᠣᠨ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠳᠠᠶᠢᠴᠢᠯᠠᠬᠤ ᠬᠡᠷᠡᠭᠲᠡᠢ᠃ ᠪᠠᠷᠠᠭᠠᠨ ᠤ ᠭᠦᠢᠯᠭᠡᠭᠡ ᠶᠢᠨ ᠬᠦᠷᠢᠶᠡᠯᠡᠩ | ᠲᠣᠭᠤᠷᠢᠭ ᠲᠡᠷᠢᠭᠦᠨ ᠤ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠨ᠂ ᠬᠤᠯᠪᠤᠭᠠᠯᠠᠨ ᠲᠡᠭᠡᠭᠡᠪᠦᠷᠢᠯᠡᠬᠦ ᠵᠠᠭᠪᠤᠷ ᠢ ᠲᠠᠰᠤᠷᠠᠯᠲᠠ | ᠦᠭᠡᠢ ᠰᠢᠨᠡᠳᠬᠡᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠣᠳᠣ ᠦᠶ᠎ᠡ ᠶᠢᠨ | ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠪᠠᠶᠢᠭᠤᠯᠬᠤ ᠳᠤ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠳᠠᠷᠠᠭ᠎ᠠ ᠨᠢ᠂ ᠰᠢ ᠶᠢᠨ ᠫᠢᠩ ᠴᠦᠩᠴᠢᠩ ᠤᠨ ᠲᠡᠮᠦᠷ ᠵᠠᠮ ᠤᠨ ᠴᠢᠩᠭᠡᠯᠢᠭᠲᠦ ᠪᠠᠷᠠᠭ᠎ᠠ ᠶᠢᠨ ᠲᠡᠭᠡᠭᠡᠪᠦᠷᠢᠯᠡᠯᠲᠡ ᠶᠢᠨ | ᠭᠤᠣᠯ ᠥᠷᠲᠡᠭᠡ ᠳᠤ ᠬᠦᠷᠴᠦ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ᠂ ᠲᠡᠭᠡᠭᠡᠪᠦᠷᠢ ᠶᠢᠨ ᠵᠠᠮ ᠱᠤᠭᠤᠮ᠂ | ᠡᠵᠡᠩᠨᠡᠯᠲᠡ ᠶᠢᠨ ᠥᠪᠡᠷ ᠤᠨ ᠥᠷᠲᠡᠭ ᠪᠠ ᠦᠷ᠎ᠡ ᠠᠰᠢᠭ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠠᠴᠢᠶᠠᠨ ᠤ | ᠮᠠᠰᠢᠨ ᠲᠡᠷᠭᠡᠨ ᠤ ᠵᠢᠯᠣᠭᠤᠴᠢ᠂ ᠭᠠᠯᠲᠤ ᠲᠡᠷᠭᠡᠨ ᠤ ᠵᠢᠯᠣᠭᠤᠴᠢ᠂ ᠲᠡᠭᠡᠭᠡᠵᠦ ᠪᠠᠭᠤᠯᠭᠠᠬᠤ ᠠᠵᠢᠯᠴᠢᠨ᠂ ᠲᠠᠯᠠᠪᠤᠷ | ᠥᠷᠲᠡᠭᠡ ᠶᠢᠨ ᠬᠠᠮᠢᠶᠠᠷᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠡᠷᠴᠢᠮ᠂ | ᠭᠦᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠮᠠᠷᠠᠯᠲᠠ ᠪᠠ | ᠣᠷᠣᠯᠭ᠎ᠠ ᠶᠢᠨ ᠪᠠᠶᠢᠳᠠᠯ ᠢ ᠨᠢ ᠠᠰᠠᠭᠤᠨ ᠣᠶᠢᠯᠠᠭᠠᠪᠠ᠃ ᠰᠢ ᠶᠢᠨ ᠫᠢᠩ᠂ ᠤᠯᠠᠨ ᠢᠶᠠᠷ ᠢᠶᠠᠨ ᠪᠠᠷᠠᠭᠠᠨ ᠤ ᠭᠦᠢᠯᠭᠡᠭᠡ ᠶᠢᠨ | ᠡᠮᠦᠨ᠎ᠡ ᠹᠷᠣᠨᠲ ᠲᠤ ᠠᠵᠢᠯᠯᠠᠵᠤ ᠪᠤᠢ᠂ ᠮᠥᠨ ᠴᠦ ᠭᠠᠳᠠᠭᠠᠳᠤ ᠨᠡᠭᠡᠭᠡᠯᠲᠡ ᠶᠢᠨ ᠡᠮᠦᠨ᠎ᠡ ᠹᠷᠣᠨᠲ ᠲᠤ ᠪᠤᠢ᠂ ᠲᠠ ᠨᠠᠷ ᠤᠨ | ᠰᠢᠷᠭᠠᠭᠤ ᠭᠦᠳᠡᠯᠮᠦᠷᠢ ᠪᠠᠷ ᠳᠠᠮᠵᠢᠨ᠂ ᠮᠠᠰᠢ ᠤᠯᠠᠨ ᠲᠠᠸᠠᠷ ᠠᠭᠤᠯᠠ ᠤᠰᠤ ᠶᠢ ᠲᠤᠭᠤᠯᠤᠨ᠂ ᠳᠡᠯᠡᠬᠡᠢ ᠳ᠋ᠠᠬᠢᠨ ᠳᠤ ᠭᠠᠷᠴᠤ | ᠪᠠᠶᠢᠨ᠎ᠠ᠂ ᠲᠠ ᠨᠠᠷ ᠤᠨ ᠠᠵᠢᠯ ᠮᠠᠰᠢ ᠤᠳᠬ᠎ᠠ ᠠᠭᠤᠯᠭ᠎ᠠ ᠲᠠᠢ ᠶᠤᠮ᠃ ᠪᠠᠷᠠᠭᠤᠨ ᠣᠷᠣᠨ ᠤ ᠶᠡᠭᠡ ᠨᠡᠭᠡᠭᠡᠯᠲᠡ ᠶᠢ | ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠳᠤ ᠪᠠᠷᠠᠭᠠᠨ ᠤ ᠭᠦᠢᠯᠭᠡᠭᠡ ᠮᠠᠰᠢ | ᠴᠢᠬᠤᠯᠠ ᠶᠤᠮ᠂ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠲᠠᠰᠤᠷᠠᠯᠳᠠ ᠦᠭᠡᠢ ᠰᠢᠨ᠎ᠡ ᠬᠢᠷᠢ ᠪᠦᠲᠦᠮᠵᠢ ᠡᠭᠦᠳᠴᠦ | ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃ | ᠰᠢ ᠶᠢᠨ ᠫᠢᠩ ᠪᠠᠰᠠ ᠴᠦᠩᠴᠢᠩ ᠤᠨ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ | ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠴᠦᠩᠴᠢᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ ᠦᠢᠯᠡᠰ ᠤᠨ | ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠰᠢ ᠶᠢᠨ ᠫᠢᠩ᠂ ᠴᠧᠩᠳᠦ᠋ ᠴᠦᠩᠴᠢᠩ | ᠣᠷᠣᠨ ᠤ ᠬᠤᠶᠠᠷ ᠬᠤᠲᠠ ᠶᠢᠨ ᠠᠵᠤ ᠠᠬᠤᠢ ᠶᠢᠨ ᠴᠠᠭᠠᠷᠢᠭ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ | ᠴᠦᠩᠴᠢᠩ᠂ ᠰᠧᠴᠤᠸᠠᠨ ᠬᠤᠶᠠᠷ ᠭᠠᠵᠠᠷ ᠤᠨ ᠬᠢᠨ ᠨᠢᠭᠲᠠ ᠬᠠᠮᠲᠤᠷᠠᠯᠴᠠᠵᠤ᠂ ᠬᠥᠭᠵᠢᠯᠲᠡ ᠶᠢᠨ ᠴᠢᠳᠠᠪᠤᠷᠢ ᠶᠢᠨ | ᠲᠡᠰ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠤ ︽ᠬᠤᠶᠠᠷ ᠬᠤᠳᠠ ᠶᠢᠨ | ᠲᠡᠮᠳᠡᠭᠯᠡᠯ ︾ ᠢ ᠬᠠᠮᠲᠤ ᠪᠠᠷ ᠰᠠᠶᠢᠲᠤᠷ ᠳᠠᠭᠤᠷᠢᠰᠤᠭᠤᠯᠬᠤ ᠬᠡᠷᠡᠭᠲᠡᠢ᠃ ᠲᠤᠯᠭᠠᠭᠤᠷᠢ ᠠᠵᠤ ᠦᠢᠯᠡᠰ ᠪᠣᠯ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠵᠢᠭᠰᠠᠭᠠᠯ ᠤᠨ ᠭᠠᠵᠠᠷ ᠮᠥᠨ᠃ ᠴᠦᠩᠴᠢᠩ ᠤᠨ | ᠦᠢᠯᠡᠳᠬᠦ ᠦᠢᠯᠡᠰ ᠨᠢ ᠲᠤᠰ ᠪᠡᠶ᠎ᠡ ᠶᠢᠨ ᠪᠦᠲᠦᠴᠡ ᠶᠢᠨ ᠣᠨᠴᠠᠯᠢᠭ ᠲᠠᠢ᠂ ᠬᠠᠷᠠᠭᠠᠯᠵᠠᠭᠰᠠᠨ ᠳᠠᠪᠠᠭᠤᠯᠢᠭ ᠲᠠᠢ ᠶᠤᠮ᠂ | ᠴᠦᠩᠴᠢᠩ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ | ᠠᠳᠬᠤᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠣᠳᠣᠬᠠᠨ ᠤ ᠠᠵᠢᠯ ᠢᠶᠠᠨ | ᠠᠳᠬᠤᠵᠤ᠂ ᠢᠷᠡᠭᠡᠳᠦᠢ ᠪᠠᠨ ᠪᠣᠳᠣᠯᠬᠢᠯᠠᠵᠤ᠂ ᠡᠷᠡᠰ ᠭᠤᠶᠢᠪᠢᠰᠢ ᠦᠭᠡᠢ᠂ ᠤᠳᠠᠭᠠᠨ ᠳᠠᠭᠠᠭᠠᠮᠠᠭᠠᠢ ᠪᠠᠷ ᠵᠢᠳᠬᠦᠯ | ᠴᠢᠷᠮᠠᠶᠢᠯᠭ᠎ᠠ ᠭᠠᠷᠭᠠᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢ ᠬᠦᠰᠡᠵᠦ | ᠪᠠᠶᠢᠨ᠎ᠠ ᠭᠡᠵᠦ ᠢᠯᠡᠷᠬᠡᠶᠢᠯᠡᠪᠡ᠃ | ᠵᠢᠦ ᠯᠦᠩ ᠫᠥᠸᠧ ᠲᠣᠭᠤᠷᠢᠭ ᠤᠨ ᠰᠢᠶᠧ ᠵᠢᠶᠠ ᠸᠠᠨ ᠵᠡᠭᠡᠯᠢ ᠭᠤᠳᠤᠮᠵᠢ ᠶᠢᠨ ᠮᠢᠨ ᠵᠦ ᠲᠣᠰᠬᠤᠨ ᠤ ᠨᠡᠶᠢᠭᠡᠮ | ᠲᠣᠭᠤᠷᠢᠭ ᠪᠣᠯ ᠨᠢᠭᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠᠶᠢᠵᠤ᠂ 2022 ᠣᠨ ᠤ ᠡᠬᠢ ᠪᠠᠷ | ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠡᠬᠢᠯᠡᠭᠦᠯᠬᠦ ᠶᠢᠨ ᠵᠡᠷᠭᠡ ᠪᠠᠷ ᠪᠦᠭᠦ ᠤᠯᠤᠰ ᠤᠨ ᠬᠤᠯᠪᠣᠭᠳᠠᠯ ᠪᠦᠬᠦᠢ | ᠲᠤᠷᠰᠢᠯᠲᠠ ᠶᠢᠨ ᠴᠡᠭ ᠲᠤ ᠣᠷᠣᠪᠠ᠃ ᠰᠢ ᠶᠢᠨ ᠫᠢᠩ ᠠᠳᠡ ᠢᠷᠡᠵᠦ᠂ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠰᠢᠨᠡᠳᠬᠡᠭᠰᠡᠨ ᠪᠠ ᠠᠷᠠᠳ ᠲᠤ ᠲᠦᠭᠦᠮ ᠦᠵᠡᠭᠦᠯᠦᠭᠰᠡᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ | ᠦᠵᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ᠂ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ ᠪᠠᠰᠠ ᠨᠡᠶᠢᠭᠡᠮ | ᠲᠣᠭᠤᠷᠢᠭ ᠤᠨ ᠬᠤᠭᠤᠯᠠᠨ ᠭᠡᠷ ᠲᠤ ᠣᠷᠣᠵᠤ᠂ ᠶᠠᠭ ᠰᠠᠶᠢᠬᠠᠨ ᠬᠤᠭᠤᠯᠠ ᠪᠠᠨ ᠢᠳᠡᠵᠦ ᠪᠠᠶᠢᠭᠰᠠᠨ ᠤᠯᠠᠨ ᠲᠦᠮᠡᠨ ᠲᠠᠢ | ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ | ᠵᠣᠷᠢᠭᠵᠢᠭᠤᠯᠪᠠ᠃ ᠰᠢ ᠶᠢᠨ ᠫᠢᠩ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠣᠯ | ᠬᠤᠲᠠ ᠶᠢᠨ ᠰᠢᠨᠡᠴᠢᠯᠡᠯᠲᠡ ᠶᠢᠨ ᠨᠢᠭᠡᠨ ᠭᠤᠣᠯᠳᠠᠯᠭ᠎ᠠ ᠪᠤᠯᠬᠤ ᠪᠥᠭᠡᠳ ᠪᠠᠰᠠ ᠴᠤ ᠠᠷᠠᠳ ᠤᠨ ᠠᠮᠢᠳᠤᠷᠠᠯ ᠤᠨ | ᠢᠨᠵᠧᠨᠧᠷᠢᠩ ᠮᠥᠨ᠂ ᠡᠭᠦᠨ ᠳᠤ ᠲᠡᠦᠬᠡ ᠶᠢᠨ ᠳᠤᠷᠠᠰᠤᠮᠵᠢ ᠪᠠ ᠥᠪᠡᠷᠮᠢᠴᠡ ᠣᠨᠴᠠᠯᠢᠭᠲᠤ ᠲᠥᠷᠬᠦ ᠶᠢ ᠦᠯᠡᠳᠡᠭᠡᠨ | ᠬᠠᠳᠠᠭᠠᠯᠠᠬᠤ ᠬᠡᠷᠡᠭᠲᠡᠢ ᠪᠥᠭᠡᠳ ᠪᠠᠰᠠ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠡᠨᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠥᠷᠭᠡᠨ ᠤᠯᠠᠨ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠲᠤᠷ ᠠᠰᠢᠭ ᠬᠦᠷᠲᠡᠭᠡᠬᠦ ᠬᠡᠷᠡᠭᠲᠡᠢ᠃ ᠬᠤᠳᠠ ᠶᠢᠨ | ᠵᠠᠰᠠᠯᠲᠠ ᠶᠢᠨ ᠮᠠᠰᠢ ᠤᠯᠠᠨ ᠠᠵᠢᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡ ᠬᠦ ᠲᠠᠶᠢᠴᠢᠨ | ᠪᠠᠬᠢᠯᠡᠯᠲᠡ ᠪᠣᠯᠣᠨ ᠨᠡᠶᠢᠭᠡᠮ ᠲᠣᠭᠤᠷᠢᠭ ᠤᠨ ᠲᠠᠪᠴᠠᠩ ᠳᠤ ᠲᠦᠰᠢᠭᠯᠡᠨ ᠨᠠᠶᠢᠳᠠᠪᠤᠷᠢᠵᠢᠭᠤᠯᠵᠤ᠂ ᠬᠤᠳᠠ ᠶᠢᠨ ᠨᠡᠶᠢᠭᠡᠮ | ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠲᠣᠳᠣᠷᠬᠠᠶᠢᠯᠠᠵᠤ᠂ ᠡᠬᠢ ᠪᠠᠶᠠᠯᠢᠭ ᠢ ᠦᠨᠳᠦᠰᠦᠨ ᠱᠠᠲᠤᠨ ᠳᠤ | ᠪᠠᠭᠤᠯᠭᠠᠬᠤ᠂ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠦᠷᠭᠦᠯᠵᠢᠯᠡᠨ ᠠᠬᠢᠭᠤᠯᠵᠤ᠂ | ᠲᠣᠣᠷᠵᠢᠭᠤᠯᠤᠬᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠨᠡᠶᠢᠭᠡᠮ | ᠲᠣᠭᠤᠷᠢᠭ ᠤᠨ ᠨᠠᠷᠢᠯᠢᠭᠵᠢᠭᠤᠯᠤᠭᠰᠠᠨ ᠵᠠᠰᠠᠯᠲᠠ᠂ ᠨᠠᠷᠢᠯᠢᠭ ᠣᠨᠣᠪᠴᠢᠲᠠᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ | ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠠᠷᠠᠳ ᠤᠨ ᠠᠮᠢᠳᠤᠷᠠᠯ ᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠨ᠎ᠠ᠃ ᠨᠠᠮ ᠪᠠ ᠵᠠᠰᠠᠭ ᠤᠨ | ᠣᠷᠳᠣᠨ ᠤ ᠠᠯᠢᠪᠠ ᠠᠵᠢᠯ ᠪᠣᠯ ᠴᠥᠮ ᠠᠷᠠᠳ ᠤᠯᠠᠨ ᠳᠤ ᠨᠡᠩ ᠵᠣᠯ ᠵᠢᠷᠭᠠᠯ ᠲᠠᠢ ᠠᠮᠢᠳᠤᠷᠠᠯ ᠢ ᠡᠳ᠋ᠯᠡᠭᠦᠯᠭᠦ ᠶᠢᠨ | ᠲᠥᠯᠥᠭᠡ ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠥᠮ ᠠᠷᠠᠳ ᠤᠨ ᠠᠮᠢᠳᠤᠷᠠᠯ ᠤᠨ | ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠡᠳ᠋ ᠤᠨ ᠬᠦᠴᠦᠨ ᠪᠣᠳᠠᠰ ᠤᠨ ᠬᠦᠴᠦᠨ ᠢ ᠣᠷᠣᠭᠤᠯᠵᠤ᠂ ᠵᠢᠯ ᠪᠦᠷᠢ | ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠪᠦᠲᠦᠭᠡᠵᠦ᠂ ᠠᠷᠠᠳ ᠤᠯᠠᠨ ᠤ ᠬᠦᠷᠲᠡᠮᠵᠢ ᠶᠢᠨ | ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠬᠦᠰᠡᠵᠦ | ᠪᠠᠶᠢᠨ᠎ᠠ ᠭᠡᠵᠦ ᠬᠡᠯᠡᠪᠡ᠃ | 23 ᠤ ᠦᠳᠡ ᠶᠢᠨ ᠡᠮᠦᠨ᠎ᠡ᠂ ᠰᠢ ᠶᠢᠨ ᠫᠢᠩ ᠴᠦᠩᠴᠢᠩ ᠬᠤᠲᠠ ᠶᠢᠨ ᠲᠣᠭᠠᠴᠢᠯᠠᠭᠰᠠᠨ ᠬᠤᠲᠠ ᠶᠢᠨ ᠠᠵᠢᠯᠯᠠᠭᠠᠨ | ᠪᠠ ᠵᠠᠰᠠᠯᠲᠠ ᠶᠢᠨ ᠲᠥᠪ ᠲᠤ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠤ ᠬᠤᠲᠠ ᠶᠢᠨ ᠲᠣᠭᠠᠴᠢᠯᠠᠭᠰᠠᠨ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠭᠡᠲᠦ ᠶᠡᠭᠡ ᠬᠤᠲᠠ ᠶᠢᠨ ᠵᠠᠰᠠᠯᠲᠠ ᠶᠢᠨ ᠰᠢᠨ᠎ᠡ ᠵᠠᠮ ᠢ | ᠰᠦᠪᠡᠭᠴᠢᠯᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠰᠲ᠋ᠧᠮ ᠤᠨ ᠬᠡᠷᠡᠭᠯᠡᠭᠡᠨ ᠤ | ᠦᠵᠡᠭᠦᠯᠭᠡ ᠶᠢ ᠰᠣᠨᠢᠷᠬᠠᠪᠠ᠃ ᠰᠢ ᠶᠢᠨ ᠫᠢᠩ᠂ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠶᠢᠪᠠᠰᠤ ᠵᠣᠬᠢᠬᠤ ᠠᠭᠤᠯᠭ᠎ᠠ ᠮᠥᠨ᠃ | ᠲᠣᠭᠠᠴᠢᠯᠠᠯᠳᠠ ᠪᠠᠷ ᠬᠦᠴᠦᠨ ᠴᠢᠳᠠᠯ ᠣᠯᠭᠤᠬᠤ ᠶᠢ ᠴᠢᠩᠭᠠᠳᠬᠠᠵᠤ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ | ᠠᠬᠢᠭᠤᠯᠬᠤ ᠳᠤ ᠲᠣᠮᠣ ᠳ᠋ᠠᠶᠢᠲ᠋ᠠ ᠶᠢᠨ ᠲᠠᠪᠴᠠᠩ ᠪᠣᠯᠣᠨ ᠰᠦᠯᠵᠢᠶᠡᠨ ᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠭᠤᠯᠵᠤ᠂ ᠬᠤᠯᠪᠤᠭᠠᠯᠠᠨ ᠵᠢᠯᠤᠭᠤᠳᠬᠤ ᠪᠠ ᠡᠯ᠎ᠡ ᠲᠠᠯ᠎ᠠ ᠶᠢᠨ ᠬᠢᠨ ᠬᠠᠮᠵᠢᠯᠴᠠᠬᠤ ᠶᠢ ᠴᠢᠩᠭᠠᠳᠬᠠᠵᠤ᠂ | ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠬᠤᠲᠠ ᠶᠢᠨ ᠵᠠᠰᠠᠯᠲᠠ ᠨᠢ ᠡᠯ᠎ᠡ ᠲᠠᠯ᠎ᠠ ᠳᠤ | ᠬᠤᠯᠪᠣᠭᠳᠠᠨ᠎ᠠ᠂ ᠡᠩ ᠲᠡᠷᠢᠭᠦᠨ ᠳᠤ ︽ᠴᠠᠭ ᠢᠮᠠᠭᠲᠠ ᠰᠠᠨᠠᠭ᠎ᠠ ᠲᠠᠯᠪᠢᠬᠤ ︾ ᠬᠠᠷᠢᠭᠤᠴᠠᠯᠭᠠᠲᠤ ᠰᠡᠳᠬᠢᠯᠭᠡ ᠪᠠᠷ | ᠪᠡᠯᠡᠳᠬᠡᠯ ᠲᠥᠰᠥᠯ ᠢ ᠰᠠᠶᠢᠲᠤᠷ ᠬᠢᠵᠦ᠂ ᠣᠨᠣᠴᠠᠲᠠᠢ ᠬᠠᠮᠢᠶᠠᠷᠤᠨ ᠡᠵᠡᠮᠳᠡᠵᠦ᠂ ᠦᠳᠲᠡᠷ ᠲᠦᠷᠭᠡᠨ ᠲᠤᠰᠬᠠᠯ ᠭᠠᠷᠭᠠᠵᠤ᠂ | ᠡᠯ᠎ᠡ ᠲᠥᠷᠥᠯ ᠤᠨ ᠬᠡᠷᠡᠭ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠤᠲᠠ ᠶᠢᠨ ᠠᠮᠤᠷ ᠲᠦᠪᠰᠢᠨ ᠡᠮᠬᠢ ᠵᠢᠷᠤᠮ ᠲᠠᠢ | ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ᠃ ᠲᠠ ᠨᠠᠷ ᠤᠨ ᠲᠠᠰᠤᠷᠠᠯᠲᠠ ᠦᠭᠡᠢ ᠰᠦᠪᠡᠭᠴᠢᠯᠡᠵᠦ᠂ ᠰᠢᠨ᠎ᠡ ᠲᠤᠷᠰᠢᠯᠭ᠎ᠠ | ᠬᠤᠷᠠᠮᠳᠤᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | 24 ᠤ ᠦᠳᠡ ᠶᠢᠨ ᠡᠮᠦᠨ᠎ᠡ᠂ ᠰᠢ ᠶᠢᠨ ᠫᠢᠩ ᠴᠦᠩᠴᠢᠩ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠦᠩᠴᠢᠩ ᠤᠨ ᠡᠯ᠎ᠡ ᠵᠦᠢᠯ ᠤᠨ ᠠᠵᠢᠯ ᠤᠨ | ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠴᠦᠩᠴᠢᠩ ᠤᠨ ᠦᠢᠯᠡᠳᠬᠦ ᠦᠢᠯᠡᠰ ᠤᠨ ᠰᠠᠭᠤᠷᠢ ᠨᠡᠯᠢᠶᠡᠳ ᠰᠠᠶᠢᠨ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠬᠢ ᠪᠠᠶᠠᠯᠢᠭ ᠡᠯᠪᠡᠭ ᠶᠤᠮ᠂ ᠲᠡᠷᠢᠭᠦᠨ ᠤ ᠦᠢᠯᠡᠳᠬᠦ ᠦᠢᠯᠡᠰ ᠢᠶᠠᠷ | ᠭᠤᠣᠯᠯᠠᠭᠴᠢ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ | ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠳᠡᠯᠡᠬᠡᠢ ᠶᠢᠨ ᠲᠡᠷᠢᠭᠦᠨ ᠤ ᠲᠦᠪᠰᠢᠨ ᠪᠠ | ᠥᠷᠢᠰᠦᠯᠳᠦᠬᠦ ᠬᠦᠴᠦᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠭᠡᠯᠪᠡᠷᠢ | ᠰᠢᠨ᠎ᠡ ᠵᠠᠭᠪᠤᠷ ᠰᠢᠨ᠎ᠡ ᠬᠥᠳᠡᠯᠭᠡᠬᠦ ᠬᠦᠴᠦᠨ ᠢ ᠢᠳᠡᠪᠬᠢᠲᠡᠢ ᠪᠤᠶᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠴᠧᠩᠳᠦ᠋ ᠴᠦᠩᠴᠢᠩ | ᠣᠷᠣᠨ ᠤ ᠬᠤᠣᠰ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠨᠡᠮᠡᠭᠳᠡᠯ ᠤᠨ ᠲᠦᠢᠯ ᠪᠣᠯᠣᠨ ᠰᠢᠨ᠎ᠡ ᠬᠥᠳᠡᠯᠭᠡᠬᠦ | ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠪᠣᠬᠢᠷᠳᠤᠯ ᠦᠭᠡᠢ | ᠬᠥᠭᠵᠢᠯᠲᠡ ᠶᠢ ᠶᠡᠭᠡ ᠪᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠴᠦᠩᠴᠢᠩ ᠢ ᠪᠦᠲᠦᠭᠡᠨ ᠪᠠᠶᠢᠭᠤᠯᠵᠤ᠂ | ᠬᠥᠬᠡᠮᠥ᠋ᠷᠡᠨ ᠤ ᠳᠡᠭᠡᠳᠦ ᠤᠷᠤᠰᠬᠠᠯ ᠤᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠴᠦᠩᠴᠢᠩ ᠤᠨ ᠬᠢᠨ ᠵᠣᠷᠢᠭᠲᠠᠢ ᠪᠠᠷ ᠲᠦᠷᠦᠭᠦᠯᠡᠬᠦ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ | ︽ᠬᠤᠶᠠᠷ ᠡᠷᠡᠰ ᠭᠤᠶᠢᠪᠢᠰᠢ ᠦᠭᠡᠢ ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠳᠬᠤᠵᠤ᠂ ᠨᠢᠭᠡ ᠪᠦᠯᠦᠭ ᠭᠤᠣᠯᠯᠠᠬᠤ | ᠥᠷᠢᠰᠦᠯᠳᠦᠬᠦ ᠬᠦᠴᠦᠨ ᠢᠶᠠᠷ ᠴᠢᠩᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠶᠢᠵᠢᠭᠤᠯᠵᠤ᠂ ᠨᠦᠭᠦᠭᠡ | ᠲᠠᠯ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠠᠳᠬᠤᠬᠤ ᠬᠡᠷᠡᠭᠲᠡᠢ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ | ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ | ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠤᠨ ᠬᠤᠯᠪᠤᠭᠠᠯᠠᠨ ᠬᠥᠳᠡᠯᠦᠯᠴᠡᠵᠦ ᠬᠥᠭᠵᠢᠬᠦ ᠶᠢ | ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ | ᠠᠷᠠᠯᠵᠢᠶᠠᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠴᠦᠩᠴᠢᠩ ᠪᠣᠯ ᠮᠠᠨ ᠤ ᠤᠯᠤᠰ ᠤᠨ ᠬᠠᠷᠢᠶ᠎ᠠ ᠣᠷᠣᠨ ᠤ ᠲᠠᠯᠠᠪᠠᠶ ᠪᠠ ᠬᠥᠮᠥᠨ ᠠᠮᠠ ᠶᠢᠨ | ᠬᠡᠪᠴᠢᠶ᠎ᠡ ᠪᠠᠷ ᠬᠠᠮᠤᠭ ᠤᠨ ᠶᠡᠭᠡ ᠬᠤᠲᠠ ᠪᠣᠯᠣᠨ᠎ᠠ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠭᠡᠲᠦ ᠶᠡᠭᠡ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠰᠢᠨ᠎ᠡ ᠵᠠᠮ ᠢ ᠢᠳᠡᠪᠬᠢᠲᠡᠢ | ᠰᠦᠪᠡᠭᠴᠢᠯᠡᠬᠦ ᠬᠡᠷᠡᠭᠲᠡᠢ᠃ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠭ᠎ᠠ ᠪᠠᠨ ᠲᠦᠷᠭᠡᠳᠬᠡᠵᠦ᠂ | ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠣᠶᠤᠨᠴᠢ ᠭᠤᠣᠯ ᠰᠢᠰᠲ᠋ᠧᠮ ᠢ ᠪᠠᠶᠢᠭᠤᠯᠵᠤ᠂ ︽ᠶᠡᠭᠡ ᠶᠡᠷᠦᠩᠬᠡᠶᠢᠯᠡᠭᠰᠡᠨ | ᠨᠢᠭᠡ ᠴᠣᠭᠴᠠᠵᠢᠭᠤᠯᠤᠭᠰᠠᠨ ︾ ᠬᠤᠲᠠ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠤᠲᠠ ᠶᠢᠨ ᠵᠠᠰᠠᠯᠲᠠ ᠶᠢ ᠨᠠᠩ ᠣᠶᠤᠨᠴᠢ᠂ ᠨᠠᠩ ᠥᠨᠳᠥᠷ ᠪᠦᠲᠦᠮᠵᠢᠲᠡᠶ᠂ ᠨᠠᠩ ᠣᠨᠣᠴᠠᠲᠠᠢ ᠪᠤᠯᠭᠠᠬᠤ | ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ | ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠯᠬᠢ ᠳᠠᠳᠬᠠᠯ ᠢ ᠲᠡᠪᠴᠢᠵᠦ | ᠰᠢᠨ᠎ᠡ ᠬᠡᠪ ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ | ᠬᠡᠷᠡᠭᠲᠡᠢ᠃ ᠤᠶᠠᠨ ᠬᠠᠳᠠᠨ ᠴᠢᠨᠠᠷᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠭᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠦᠩᠴᠢᠩ ᠪᠣᠯ ᠶᠡᠭᠡ ᠬᠤᠳᠠ᠂ ᠶᠡᠭᠡ ᠬᠥᠳᠡᠭᠡ ᠲᠣᠰᠬᠤᠨ᠂ ᠶᠡᠭᠡ ᠠᠭᠤᠯᠠᠷᠬᠠᠭ ᠣᠷᠣᠨ᠂ ᠶᠡᠭᠡ | ᠴᠦᠭᠦᠷᠤᠮ ᠤᠨ ᠣᠷᠣᠨ ᠢ ᠨᠢᠭᠡ ᠴᠣᠭᠴᠠᠵᠢᠭᠤᠯᠤᠭᠰᠠᠨ ᠪᠠᠶᠢᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ | ᠶᠡᠭᠡ ᠪᠠᠷ ᠠᠬᠢᠭᠤᠯᠬᠤ ᠬᠡᠷᠡᠭᠲᠡᠢ᠃ ᠰᠢᠶᠠᠨ ︵ ᠲᠣᠭᠤᠷᠢᠭ ︶ ᠤ ᠲᠥᠪ ᠢᠶᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠳᠠ ᠶᠢᠨ | ᠦᠢᠯᠡᠳᠪᠦᠷᠢ ᠬᠤᠳᠠᠯᠳᠤᠭᠠᠨ ᠤ ᠬᠥᠷᠥᠩᠭᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠬᠥᠳᠡᠭᠡ | ᠪᠠᠭᠤᠯᠭᠠᠬᠤ ᠶᠢ ᠡᠮᠬᠢ ᠵᠢᠷᠤᠮ ᠲᠠᠢ ᠬᠥᠲᠥᠯᠥᠨ ᠵᠢᠯᠤᠭᠤᠳᠴᠤ᠂ ᠬᠠᠤᠯᠢ ᠶᠣᠰᠣᠭᠠᠷ ᠵᠢᠷᠤᠮᠵᠢᠭᠤᠯᠵᠤ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠠᠮᠤ ᠪᠤᠳᠠᠭᠠᠨ ᠤ | ᠦᠢᠯᠡᠳᠪᠦᠷᠢᠯᠡᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠭᠤᠯᠠ ᠶᠢ ᠲᠦᠰᠢᠭᠰᠡᠨ ᠳᠠᠪᠠᠭᠤᠯᠢᠭ ᠢᠶᠠᠨ ᠠᠰᠢᠭᠯᠠᠨ | ᠠᠮᠢ ᠠᠬᠤᠢ ᠶᠢᠨ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ ︾ ᠤᠨ | ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠣᠳᠣᠬᠢ ᠱᠠᠲᠤ ᠬᠤᠭᠤᠴᠠᠭᠠᠨ ᠤ ᠲᠠᠷᠢᠶᠠᠴᠢᠨ | ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠴᠢᠩᠭ᠎ᠠ ᠪᠠᠶᠢᠬᠤ᠂ ᠠᠳᠬᠤᠵᠤ ᠳᠡᠶᠢᠯᠭᠦ᠂ ᠬᠡᠳᠦᠨ ᠵᠢᠯ ᠠᠳᠬᠤᠪᠠᠯ | ᠦᠷ᠎ᠡ ᠪᠦᠲᠦᠮᠵᠢ ᠣᠯᠵᠤ ᠳᠡᠶᠢᠯᠭᠦ ᠭᠤᠣᠯᠳᠠᠯᠭ᠎ᠠ ᠲᠠᠢ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠶᠢ | ᠠᠳᠬᠤᠪᠠᠯ ᠨᠢᠭᠡ ᠶᠢ ᠪᠦᠲᠦᠭᠡᠵᠦ᠂ ᠲᠠᠷᠢᠶᠠᠴᠢᠨ ᠤᠯᠠᠨ ᠲᠦᠮᠡᠨ ᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ | ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠭᠡᠰᠢᠭᠦᠨ᠂ | ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠭᠦ᠂ ᠠᠵᠢᠯ ᠤᠨ | ᠲᠦᠪᠰᠢᠨ ᠢᠶᠠᠨ ᠳᠡᠭᠡᠭᠰᠢᠯᠡᠭᠦᠯᠭᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠢᠳᠡᠪᠬᠢᠲᠡᠢ ᠤᠷᠤᠭᠰᠢᠯᠠᠨ ᠲᠠᠪᠰᠢᠬᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ | ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ᠂ | ᠺᠠᠳ᠋ᠷᠴᠤᠳ ᠢ ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠤᠯᠤᠰ ᠲᠥᠷᠥ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠦᠶ᠋ᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠢᠯᠵᠠᠷᠠᠯ ᠢ | ᠡᠰᠡᠷᠭᠦᠴᠡᠬᠦ ᠪᠠ ᠵᠠᠯᠬᠠᠭᠠᠨ ᠰᠢᠢᠳᠬᠡᠬᠦ ᠶᠢ ᠢᠮᠠᠭᠲᠠ ᠲᠤᠭᠤᠰᠢᠯᠠᠭᠤᠯᠵᠤ᠂ ᠢᠯᠵᠠᠷᠠᠯ ᠤᠨ ᠪᠤᠢ ᠪᠤᠯᠬᠤ ᠬᠥᠷᠥᠰᠥ ᠰᠢᠷᠣᠢ | ᠪᠠ ᠨᠥᠬᠦᠴᠡᠯ ᠢ ᠲᠠᠰᠤᠷᠠᠯᠲᠠ ᠦᠭᠡᠢ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ | ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |