ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠷᠠᠳ ᠤᠨ ᠠᠮᠢᠳᠤᠷᠠᠯ ᠲᠠᠢ ᠨᠠᠩ ᠣᠶᠢᠷᠠᠲᠤᠭᠰᠠᠨ ᠪᠣᠳᠠᠲᠤ ᠶᠠᠪᠤᠳᠠᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/28
    ᠣᠶᠢᠷ᠎ᠠ ᠳᠤ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ ᠨᠠᠰᠤᠲᠠᠶᠢᠴᠤᠳ ᠲᠤ ᠳᠣᠭᠢᠷᠠᠬᠤ ᠰᠠᠭᠠᠳ ᠥᠬᠡᠶ ᠵᠠᠮ ᠬᠠᠷᠢᠯᠴᠠᠭᠠᠨ ᠤ ᠶᠠᠪᠤᠵᠤ ᠰᠠᠭᠤᠬᠤ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠠᠷᠠᠳ ᠤᠨ ᠠᠮᠢᠳᠤᠷᠠᠯ ᠲᠠᠢ ᠨᠠᠩ ᠣᠶᠢᠷᠠᠲᠤᠭᠰᠠᠨ ᠪᠣᠳᠠᠲᠤ ᠶᠠᠪᠤᠳᠠᠯ ᠤᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠤᠯᠠᠭᠠᠨᠴᠠᠪ ᠬᠤᠲᠠ ᠶᠢᠨ ᠨᠠᠰᠤᠲᠠᠶᠢᠴᠤᠳ ᠲᠤ ᠳᠣᠭᠢᠷᠠᠬᠤ ᠰᠠᠭᠠᠳ ᠥᠬᠡᠶ ᠵᠠᠮ ᠬᠠᠷᠢᠯᠴᠠᠭᠠᠨ ᠤ ᠶᠠᠪᠤᠵᠤ ᠰᠠᠭᠤᠬᠤ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠵᠠᠮ ᠲᠡᠭᠡᠭᠡᠪᠦᠷᠢ ᠶᠢᠨ  ᠡᠯᠧᠺᠲᠷᠣᠨ ᠦᠨᠡᠮᠯᠡᠯ ᠢ ᠭᠦᠢᠴᠡᠳᠭᠡᠬᠦ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠯᠧᠺᠲᠷᠣᠨ ᠠᠶᠠᠨᠴᠢᠳ ᠤᠨ ᠪᠢᠯᠧᠲ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠶᠠᠪᠤᠵᠤ ᠰᠠᠭᠤᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃    ᠡᠨᠡ ᠵᠢᠯ᠂ ᠲᠣᠰ ᠲᠣᠪᠴᠢᠶ᠎ᠠ ᠵᠢᠨᠢᠩ ᠤᠨ ᠲᠥᠪ ᠬᠤᠲᠠ ᠶᠢᠨ ᠲᠣᠭᠤᠷᠢᠭ ᠤᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢᠨ 2G᠎ ᠢ 4G ᠪᠣᠯᠭᠠᠨ ᠥᠭᠡᠷᠡᠴᠢᠯᠡᠬᠦ ᠠᠵᠢᠯ ᠢ ᠪᠡᠶᠡᠯᠡᠭᠦᠯᠵᠦ᠂ 95128 ᠲᠡᠷᠭᠡ ᠪᠣᠯᠵᠣᠬᠤ ᠦᠢᠯᠡᠴᠢᠯᠡᠭᠡᠨ ᠤ ᠳ᠋ᠢᠶᠠᠩᠬᠤᠸᠠ ᠶᠢᠨ ᠨᠣᠮᠧᠷ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠤᠯᠠᠭᠠᠨᠴᠠᠪ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ 1 ᠵᠤᠷᠪᠤᠰ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠬᠤᠲᠠ ᠶᠢᠨ ᠨᠡᠶᠢᠲᠡ ᠶᠢᠨ ᠮᠠᠰᠢᠨ ᠲᠡᠷᠭᠡ ᠴᠠᠬᠢᠯᠭᠠᠨ ᠲᠡᠷᠭᠡᠨ ᠤ ᠵᠠᠮ ᠱᠤᠭᠤᠮ ᠢ ᠰᠢᠨ᠎ᠡ ᠪᠠᠷ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠲᠠᠢ ᠣᠶᠢᠷᠠᠲᠤᠭᠰᠠᠨ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠠᠬᠢᠭᠤᠯᠤᠨ᠎ᠠ᠃ ︵ᠰᠢᠩ ᠰᠢᠶᠣᠣ ᠪᠥᠸᠧ︶   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号