︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠭᠰᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/29
    ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠪᠠ ᠴᠢᠬᠤᠯᠠ ᠴᠢᠨᠠᠷ    2018 ᠣᠨ ᠤ 10 ᠳ᠋ᠤᠭᠠᠷ ᠰᠠᠷ᠎ᠠ ᠶᠢᠨ 1 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠵᠦ᠂ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠤᠯᠤᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠲᠤᠭ᠎ᠠ ᠪᠦᠷᠢᠳᠬᠡᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ ᠦᠨᠳᠦᠰᠦᠯᠡᠨ᠂ ᠮᠠᠨ ᠤ ᠣᠷᠣᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂            ︽ᠠᠷᠭ᠎ᠠ︾ ᠳᠤ ᠵᠠᠰᠠᠪᠤᠷᠢ ᠣᠷᠣᠭᠤᠯᠪᠠ᠃    ᠬᠤᠶᠠᠷ᠂ ᠭᠤᠣᠯ ᠠᠭᠤᠯᠭ᠎ᠠ    ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ ᠨᠢ ᠨᠡᠶᠢᠲᠡ ᠨᠠᠢᠮᠠᠨ ᠪᠦᠯᠦᠭ ᠳᠥᠴᠢᠨ ᠬᠤᠶᠠᠷ ᠵᠣᠷᠪᠤᠰ ᠪᠠᠶᠢᠵᠤ᠂ ᠡᠭᠦᠨ ᠳᠤ ᠶᠡᠷᠦᠩᠬᠡᠶ ᠲᠦᠷᠢᠮ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠷᠡᠭᠵᠢᠭᠦᠯᠦᠯᠲᠡ᠂ ᠲᠤᠭ᠎ᠠ ᠪᠦᠷᠢᠳᠬᠡᠯ ᠤᠨ ᠵᠠᠳᠠᠯᠤᠯᠲᠠ ᠪᠠ ᠬᠢᠨᠠᠨ ᠬᠡᠮᠵᠢᠯᠲᠡ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠪᠠ ᠨᠡᠶᠢᠲᠡᠯᠡᠯ᠂ ᠬᠢᠨᠠᠯᠲᠠ ᠪᠠᠶᠢᠴᠠᠭᠠᠯᠲᠠ᠂ ᠳᠠᠭᠠᠯᠳᠤᠭᠤᠯᠤᠯ ᠲᠦᠷᠢᠮ ᠢ ᠪᠠᠭᠲᠠᠭᠠᠨ᠎ᠠ᠃    ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠨᠡᠶᠢᠲᠡ 6 ᠵᠣᠷᠪᠤᠰ ᠪᠣᠢ᠃ ᠭᠤᠤᠯᠳᠠᠭᠤ ᠲᠣᠰ ᠠᠷᠭ᠎ᠠ ᠶᠢ ᠪᠥᠬᠦ ᠣᠷᠣᠨ ᠤ ᠬᠡᠪᠴᠢᠶᠡᠨ ᠳᠤ ᠥᠷᠨᠢᠭᠦᠯᠦᠭᠰᠡᠨ ᠵᠠᠰᠠᠮᠠᠯ ᠵᠠᠮ᠂ ᠤᠰᠤᠨ ᠵᠠᠮ ᠵᠢᠴᠢ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠷᠢᠶᠡᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠠᠵᠢᠯᠯᠠᠭ᠎ᠠ ᠳᠤ ᠬᠡᠷᠡᠭᠯᠡᠬᠦ ᠶᠢ  ᠲᠣᠳᠤᠷᠬᠠᠶᠢᠯᠠᠪᠠ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠠᠵᠢᠯᠲᠠᠨ ᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠡᠭᠦᠷᠭᠡᠯᠡᠬᠦ ᠬᠠᠮᠢᠶ᠎ᠠ ᠪᠥᠬᠦᠶ ᠬᠠᠷᠢᠭᠤᠴᠠᠯᠭ᠎ᠠ ᠶᠢ ᠲᠣᠳᠣᠷᠬᠠᠶᠢᠯᠠᠪᠠ᠃    ᠬᠤᠶᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ᠂ ᠨᠡᠶᠢᠲᠡ 6 ᠵᠣᠷᠪᠤᠰ ᠪᠤᠶ᠃ ᠭᠤᠣᠯᠳᠠᠭᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠲᠢᠩᠬᠢᠮ ᠤᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠲᠣᠰ ᠲᠣᠰ ᠤᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠣᠲᠣᠷᠠᠬᠢ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃    ᠭᠤᠷᠪᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠨᠡᠶᠢᠲᠡ 7 ᠵᠣᠷᠪᠤᠰ ᠪᠣᠢ᠃ ᠭᠤᠣᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠦᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃    ᠳᠥᠷᠪᠡᠳᠦᠭᠡᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠬᠡᠷᠡᠭᠵᠢᠭᠦᠯᠦᠯᠲᠡ᠂ ᠨᠡᠶᠢᠲᠡ 9 ᠵᠣᠷᠪᠤᠰ ᠪᠣᠢ᠃ ᠭᠤᠣᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠂ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠲᠣᠬᠢᠷᠠᠭᠤᠯᠵᠤ ᠪᠣᠯᠬᠤ ᠦᠭᠡᠢ ᠶᠢ ᠲᠣᠳᠣᠷᠬᠠᠶᠢᠯᠠᠪᠠ᠃    ᠲᠠᠪᠤᠳᠤᠭᠠᠷ ᠪᠦᠯᠦᠭ ᠲᠤᠭ᠎ᠠ ᠪᠦᠷᠢᠳᠬᠡᠯ ᠤᠨ ᠵᠠᠳᠠᠯᠤᠯᠲᠠ ᠪᠠ ᠬᠢᠨᠠᠨ ᠬᠡᠮᠵᠢᠯᠲᠡ᠂ ᠨᠡᠶᠢᠲᠡ 4 ᠵᠣᠷᠪᠤᠰ ᠪᠣᠢ᠂ ᠭᠤᠤᠯᠳᠠᠭᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠠᠵᠢᠯᠲᠠᠨ ᠲᠤᠭ᠎ᠠ ᠪᠦᠷᠢᠳᠬᠡᠯ ᠤᠨ ᠵᠠᠳᠠᠯᠤᠯᠲᠠ ᠪᠠ ᠬᠢᠨᠠᠨ ᠬᠡᠮᠵᠢᠯᠲᠡ ᠪᠠᠨ ᠴᠢᠩᠭᠠᠳᠬᠠᠬᠤ ᠶᠢᠨ ᠬᠠᠮᠲᠤ᠂ ᠬᠠᠮᠢᠶ᠎ᠠ ᠪᠥᠬᠦᠶ ᠮᠡᠳᠡᠭᠦᠯᠦᠯᠲᠡ ᠪᠠᠨ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠶᠢ ᠲᠣᠳᠣᠷᠬᠠᠶᠢᠯᠠᠪᠠ᠃    ᠵᠢᠷᠭᠤᠳᠤᠭᠠᠷ ᠪᠦᠯᠦᠭ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠪᠠ ᠨᠡᠶᠢᠲᠡᠯᠡᠯ᠂ ᠨᠡᠶᠢᠲᠡ 4 ᠵᠣᠷᠪᠤᠰ  ᠪᠣᠢ᠂ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠩᠬᠠᠨ ᠤ ᠲᠡᠮᠳᠡᠭᠯᠡᠯ ᠪᠠ ᠲᠤᠭ᠎ᠠ ᠪᠦᠷᠢᠳᠬᠡᠯ ᠤᠨ ᠡᠬᠡ ᠲᠠᠩᠰᠠ ᠶᠢ  ᠪᠠᠶᠢᠭᠤᠯᠬᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ᠂ ᠬᠠᠳᠠᠭᠠᠯᠠᠬᠤ᠂ ᠨᠡᠶᠢᠲᠡᠯᠡᠬᠦ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠪᠠ᠃    ᠳᠣᠯᠣᠳᠤᠭᠠᠷ ᠪᠦᠯᠦᠭ ᠬᠢᠨᠠᠯᠲᠠ ᠪᠠᠶᠢᠴᠠᠭᠠᠯᠲᠠ᠂ ᠨᠡᠶᠢᠲᠡ 5 ᠵᠣᠷᠪᠤᠰ ᠪᠣᠶ᠂ ᠭᠤᠤᠯᠳᠠᠭᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠲᠣᠭᠲᠠᠭᠠᠯ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠭ᠎ᠠ ᠪᠦᠷᠢᠳᠬᠡᠯ ᠤᠨ ᠠᠵᠢᠯ ᠤᠨ ᠵᠣᠬᠢᠶᠠᠨ ᠪᠠᠶᠢᠭᠤᠯᠤᠯᠲᠠ ᠪᠠ ᠪᠠᠲᠤᠯᠠᠭ᠎ᠠ ᠶᠢᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠠᠳᠠᠯᠢ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠬᠠᠮᠵᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ ᠮᠠᠲ᠋ᠧᠷᠢᠶᠠᠯ ᠢ ᠰᠢᠯᠵᠢᠭᠦᠯᠦᠨ ᠬᠦᠷᠭᠡᠬᠦ ᠶᠢ ᠲᠣᠳᠣᠷᠬᠠᠶᠢᠯᠠᠪᠠ᠃     ᠨᠠᠢ᠌ᠮᠠᠳᠤᠭᠠᠷ ᠪᠦᠯᠦᠭ ᠳᠠᠭᠠᠯᠳᠤᠭᠤᠯᠤᠯ ᠲᠦᠷᠢᠮ᠂ ᠨᠡᠶᠢᠲᠡ 1 ᠵᠣᠷᠪᠤᠰ ᠪᠣᠢ᠃    ᠭᠤᠷᠪᠠ᠂ ᠵᠠᠰᠠᠪᠤᠷᠢ ᠣᠷᠣᠭᠤᠯᠬᠤ ᠠᠴᠠ ᠡᠮᠦᠨ᠎ᠡ ᠬᠤᠶᠢᠨᠠᠬᠢ ᠬᠤᠪᠢᠷᠠᠯᠲᠠ    ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠶᠢ ᠦᠨᠳᠦᠰᠦᠯᠡᠨ ᠬᠡᠰᠡᠭ ᠥᠭᠦᠯᠡᠯᠲᠡ ᠳᠤ ᠵᠠᠰᠠᠪᠤᠷᠢ ᠣᠷᠣᠭᠤᠯᠵᠤ᠂ ᠪᠦᠯᠦᠭ ᠬᠡᠰᠡᠭ ᠤᠨ ᠠᠭᠤᠯᠭ᠎ᠠ ᠶᠢ ᠨᠥᠬᠦᠪᠥᠷᠢᠯᠡᠨ ᠲᠡᠭᠦᠯᠳᠡᠷᠵᠢᠭᠦᠯᠵᠡᠶ᠃ ᠡᠭᠦᠨ ᠤ ᠬᠠᠮᠲᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠡᠶ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号