ᠣᠶᠢᠷ᠎ᠠ ᠳᠤ᠂ 331 ᠤᠯᠤᠰ ᠤᠨ ᠵᠠᠮ ᠤᠨ ᠷᠠᠰᠢᠶᠠᠨ ᠪᠤᠯᠠᠭ ᠠᠴᠠ ᠪᠡᠯᠭᠦᠳᠡᠢ ᠬᠦᠷᠬᠦ ᠬᠡᠰᠡᠭ ᠤᠨ ᠵᠠᠰᠠᠮᠠᠯ | ᠵᠠᠮ ᠤᠨ ᠲᠥᠷᠥᠯ ᠵᠦᠢᠯ ᠤᠷᠢᠳᠠᠪᠠᠷ ᠭᠠᠵᠠᠷ ᠬᠡᠷᠡᠭᠯᠡᠬᠦ ᠭᠠᠷᠳᠠᠮ ᠤᠨ ᠴᠤᠬᠤᠯᠠᠪᠤᠷᠢ ᠶᠢ ᠣᠯᠪᠠ᠃ | | | | ᠲᠣᠰ ᠲᠥᠷᠥᠯ ᠵᠦᠢᠯ ᠢ 2023 ᠣᠨ ᠤ 1 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠷᠥᠯ ᠵᠦᠢᠯ ᠲᠣᠭᠲᠠᠭᠠᠬᠤ ᠶᠢ ᠴᠤᠬᠤᠯᠠᠪᠤᠷᠢᠯᠠᠵᠤ᠂ | ᠡᠬᠢᠯᠡᠯᠲᠡ ᠶᠢᠨ ᠴᠡᠭ ᠨᠢ ᠰᠢᠯᠢ ᠶᠢᠨ ᠭᠤᠤᠯ ᠠᠶᠢᠮᠠᠭ ᠤᠨ ᠷᠠᠰᠢᠶᠠᠨ ᠪᠤᠯᠠᠭ ᠪᠠᠯᠭᠠᠰᠤᠨ ᠳᠤ ᠪᠠᠶᠢᠷᠢᠯᠠᠨ᠂ | ᠡᠴᠦᠰ ᠤᠨ ᠴᠡᠭ ᠨᠢ ᠪᠡᠯᠭᠦᠳᠡᠢ ᠪᠠᠯᠭᠠᠰᠤᠨ ᠳᠤ ᠬᠦᠷᠴᠦ᠂ ᠵᠠᠮ ᠤᠨ ᠪᠥᠬᠦ ᠣᠷᠳᠣ ᠨᠢ 112.4 ᠺᠢᠯᠦᠮᠧᠲᠷ | ᠪᠠᠶᠢᠵᠤ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ ᠲᠥᠷᠥᠯ | ᠵᠦᠢᠯ ᠤᠨ ᠲᠦᠢᠮᠦ ᠲᠦᠰᠦᠪ ᠤᠨ ᠶᠡᠷᠦᠩᠬᠡᠢ ᠪᠡᠯᠡ ᠣᠷᠣᠭᠤᠯᠤᠯᠲᠠ ᠨᠢ 10.74 ᠳ᠋ᠦᠩᠰᠢᠭᠤᠷ ᠪᠣᠯᠤᠨ᠎ᠠ᠃ | ᠲᠥᠷᠥᠯ ᠵᠦᠢᠯ ᠤᠨ ᠬᠠᠮᠢᠶᠠᠷᠤᠯᠲᠠ ᠶᠢᠨ ᠠᠯᠪᠠᠨ ᠬᠡᠷ ᠪᠠᠶᠢᠭᠤᠯᠤᠭᠳᠠᠭᠰᠠᠨ ᠠᠴᠠ ᠨᠠᠭᠠᠰᠢ᠂ ᠲᠤᠰᠬᠠᠶ ᠬᠥᠮᠦᠨ ᠢᠶᠠᠷ | ᠠᠩᠬᠠᠷᠤᠭᠤᠯᠤᠨ ᠬᠢᠯᠭᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠵᠤ᠂ 2024 ᠣᠨ ᠤ 2 ᠳ᠋ᠤᠭᠠᠷ ᠰᠠᠷ᠎ᠠ ᠳᠤ ᠪᠡᠯᠴᠢᠭᠡᠷ ᠤᠨ ᠭᠠᠷᠳᠠᠮ ᠤᠨ ᠴᠣᠬᠤᠯᠠᠪᠤᠷᠢ ᠶᠢ | ᠣᠯᠵᠤ᠂ 4 ᠳ᠋ᠦ᠋ᠭᠡᠷ ᠰᠠᠷ᠎ᠠ ᠶᠢᠨ 23 ᠤ ᠡᠳᠦᠷ ᠤᠷᠢᠳᠠᠪᠠᠷ ᠭᠠᠵᠠᠷ ᠬᠡᠷᠡᠭᠯᠡᠬᠦ ᠭᠠᠷᠳᠠᠮ ᠤᠨ ᠴᠣᠬᠤᠯᠠᠪᠤᠷᠢ ᠶᠢ | ᠤᠯᠪᠠ᠃ | ᠲᠠᠷᠠᠭᠠᠴᠢ ᠶᠢᠨ ᠠᠯᠬᠤᠮ ᠳᠤ᠂ ᠲᠣᠰ ᠲᠥᠷᠥᠯ ᠵᠦᠢᠯ ᠤᠨ ᠠᠯᠪᠠᠨ ᠬᠡᠷ ᠨᠢ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠨ ᠤ ᠡᠭᠦᠷᠭᠡ | ᠬᠠᠷᠠᠯᠲᠠ ᠪᠠᠨ ᠲᠣᠭᠲᠠᠭᠠᠵᠤ᠂ ᠲᠣᠰ ᠭᠠᠵᠠᠷ ᠣᠷᠣᠨ ᠤ ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ᠂ | ᠬᠢᠵᠠᠭᠠᠷ ᠲᠠᠢ ᠰᠢᠵᠢᠷ ᠠᠯᠲᠠᠨ ᠪᠠᠷᠢᠯᠭ᠎ᠠ ᠶᠢᠨ ᠬᠤᠭᠤᠴᠠᠭ᠎ᠠ ᠶᠢ ᠭᠦᠢᠴᠡᠳ ᠠᠰᠢᠭᠯᠠᠨ ᠠᠵᠢᠯ ᠤᠨ ᠬᠤᠭᠤᠴᠠᠭ᠎ᠠ ᠶᠢ | ᠭᠡᠳᠡᠷᠬᠦ ᠵᠢᠭᠰᠠᠭᠠᠵᠤ᠂ ᠡᠯ᠎ᠡ ᠭᠤᠤᠯ ᠪᠣᠯᠬᠤ ᠪᠠᠷᠢᠯᠭ᠎ᠠ ᠶᠢᠨ ᠪᠡᠶᠡᠯᠡᠭᠦᠯᠦᠭᠰᠡᠨ ᠴᠠᠭ ᠤᠨ ᠵᠠᠩᠭᠢᠶᠠᠰᠤ ᠶᠣᠰᠣᠭᠠᠷ | ᠡᠭᠦᠷᠭᠡ ᠶᠢᠨ ᠬᠠᠷᠠᠯᠲᠠ ᠪᠠᠨ ᠵᠠᠳᠠᠯᠵᠤ᠂ ᠲᠥᠷᠥᠯ ᠵᠦᠢᠯ ᠤᠨ ᠵᠢᠯᠣᠭᠤᠳᠬᠤ ᠴᠢᠨᠠᠷᠲᠠᠶ ᠪᠠᠷᠢᠯᠭ᠎ᠠ ᠶᠢᠨ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠲᠥᠯᠥᠪᠯᠡᠭᠡ ᠶᠢ ᠳᠠᠬᠢᠨ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠤᠤᠯ ᠤᠨ | ᠲᠥᠯᠥᠪᠯᠡᠵᠦ ᠪᠠᠶᠢᠭ᠎ᠠ ᠰᠢᠷᠣᠶ᠂ ᠬᠥᠭᠦᠷᠭᠡ ᠶᠢᠨ ᠡᠩᠨᠡᠭᠡ ᠶᠢ ᠲᠠᠯᠠᠪᠠᠢ ᠳᠤ ᠣᠷᠤᠭᠤᠯᠬᠤ ᠪᠠᠷ ᠲᠣᠬᠢᠷᠠᠭᠤᠯᠤᠭᠰᠠᠨ | ᠰᠠᠭᠤᠷᠢᠨ ᠳᠡᠭᠡᠷ᠎ᠡ᠂ ᠠᠵᠢᠯᠲᠠᠨ᠂ ᠮᠠᠰᠢᠨ ᠮᠧᠬᠠᠨᠢᠭ᠂ ᠲᠥᠬᠦᠭᠡᠷᠦᠮᠵᠢ ᠶᠢᠨ ᠣᠷᠣᠭᠤᠯᠤᠯᠲᠠ ᠶᠢ ᠤᠯᠠᠮ ᠨᠢᠭᠡ | ᠠᠯᠬᠤᠮ ᠨᠡᠮᠡᠭᠳᠡᠭᠦᠯᠵᠦ᠂ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | |