ᠣᠶᠢᠷ᠎ᠠ ᠳᠤ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠵᠠᠰᠠᠮᠠᠯ ᠵᠠᠮ ᠤᠨ ᠲᠡᠭᠡᠭᠡᠪᠦᠷᠢ ᠶᠢᠨ | ᠬᠠᠮᠠᠭᠠᠯᠠᠯᠲᠠ ᠶᠢᠨ ᠲᠥᠪ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠬᠠᠮᠢᠶᠠᠷᠴᠤ | ᠠᠷᠠᠴᠢᠯᠠᠬᠤ ᠵᠠᠰᠠᠮᠠᠯ ᠵᠠᠮ ᠳᠤ ᠪᠥᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠬᠢᠵᠦ᠂ 2024 ᠣᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ | | ᠲᠣᠰ ᠤᠳᠠᠭᠠᠨ ᠤ ᠵᠠᠮ ᠤᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠨᠢ ︽ᠵᠠᠰᠠᠮᠠᠯ ᠵᠠᠮ ᠤᠨ ᠠᠷᠠᠴᠢᠯᠠᠨ | ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ︾ ᠪᠠ ︽ᠵᠠᠰᠠᠮᠠᠯ ᠵᠠᠮ ᠤᠨ ᠮᠡᠷᠭᠡᠵᠢᠯ ᠤᠨ ᠪᠠᠶᠢᠳᠠᠯ ᠢ ᠦᠨᠡᠯᠡᠨ | ᠲᠣᠭᠲᠠᠭᠠᠬᠤ ᠪᠠᠷᠢᠮᠵᠢᠶ᠎ᠠ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠲᠠᠢ ᠬᠠᠷᠢᠴᠠᠭᠤᠯᠵᠤ᠂ ᠶᠠᠪᠠᠭᠠᠨ ᠢᠶᠠᠷ ᠪᠠᠶᠢᠴᠠᠭᠠᠬᠤ᠂ | ᠲᠡᠷᠭᠡ ᠳᠠᠭᠠᠵᠤ ᠪᠠᠶᠢᠴᠠᠭᠠᠬᠤ ᠲᠤᠬᠠᠶ ᠶᠢᠨ ᠭᠠᠵᠠᠷ ᠬᠡᠮᠵᠢᠬᠦ᠂ ᠲᠡᠮᠳᠡᠭᠯᠡᠬᠦ᠂ ᠵᠢᠷᠤᠭ ᠳᠦᠷᠰᠦ ᠴᠤᠭᠯᠠᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠵᠤ ᠮᠡᠳᠡᠭᠰᠡᠨ ᠵᠠᠮ ᠤᠨ ᠭᠠᠳᠠᠷᠭᠤ ᠶᠢᠨ ᠠᠩ ᠴᠠᠪᠠ ᠭᠠᠷᠬᠤ᠂ ᠡᠪᠳᠡᠷᠡᠵᠦ | ᠰᠦᠢᠳᠦᠭᠰᠡᠨ᠂ ᠨᠦᠬᠡ᠂ ᠲᠣᠤᠷ ᠤᠨ ᠠᠩ ᠴᠠᠪᠠ ᠵᠡᠷᠭᠡ ᠭᠡᠮ ᠤᠨ ᠬᠦᠨᠦᠭᠡᠯ ᠵᠢᠴᠢ ᠵᠠᠮ ᠤᠨ ᠮᠥᠷᠦ᠂ ᠬᠠᠵᠠᠭᠤ | ᠬᠥᠲᠥᠯ᠂ ᠵᠠᠮ ᠤᠨ ᠰᠠᠭᠤᠷᠢ᠂ ᠬᠥᠭᠦᠷᠭᠡ ᠶᠢᠨ ᠭᠤᠯᠳᠤᠩ ᠤᠨ ᠪᠦᠲᠦᠴᠡ ᠶᠢᠨ ᠪᠣᠳᠠᠰ᠂ ᠬᠠᠮᠠᠭᠠᠯᠠᠯᠲᠠ ᠶᠢᠨ | ᠲᠦᠭᠦᠭᠡᠷᠦᠮᠵᠢ ᠶᠢᠨ ᠲᠤᠭ᠎ᠠ ᠬᠡᠮᠵᠢᠶ᠎ᠡ᠂ ᠲᠠᠷᠬᠠᠯᠲᠠ ᠵᠢᠴᠢ ᠡᠪᠳᠡᠷᠡᠵᠦ ᠰᠦᠢᠳᠦᠭᠰᠡᠨ ᠪᠠᠶᠢᠳᠠᠯ ᠢ ᠨᠠᠷᠢᠨ | ᠲᠡᠮᠳᠡᠭᠯᠡᠬᠦ ᠶᠢᠨ ᠬᠠᠮᠲᠤ ᠭᠤᠤᠯᠳᠠᠯᠭ᠎ᠠ ᠲᠠᠢ ᠭᠡᠮ ᠤᠨ ᠬᠥᠨᠥᠭᠡᠯ ᠪᠠ ᠠᠮᠤᠷ ᠲᠦᠪᠰᠢᠨ ᠤ ᠬᠡᠮ ᠰᠤᠭᠤᠭ ᠢ ᠰᠢᠭᠰᠢᠨ | ᠰᠤᠩᠭᠤᠵᠤ᠂ ᠲᠡᠮᠳᠡᠭ ᠫᠠᠶᠢᠰᠠ ᠶᠢ ᠪᠦᠷᠢᠳᠬᠡᠨ ᠳᠡᠩᠰᠡᠯᠡᠵᠦ᠂ ᠡᠯ᠎ᠡ ᠲᠥᠷᠥᠯ ᠤᠨ ᠲᠡᠮᠳᠡᠭ ᠫᠠᠶᠢᠰᠠ ᠶᠢᠨ ᠣᠷᠣᠨ | ᠪᠠᠶᠢᠷᠢ᠂ ᠲᠤᠭ᠎ᠠ ᠬᠡᠮᠵᠢᠶ᠎ᠡ ᠪᠠ ᠪᠠᠶᠢᠳᠠᠯ ᠢ ᠨᠠᠷᠢᠨ ᠲᠡᠮᠳᠡᠭᠯᠡᠪᠡ᠃ | ᠣᠳᠣᠬᠠᠨ ᠪᠣᠯᠲᠠᠯ᠎ᠠ᠂ ᠲᠣᠰ ᠲᠥᠪ ᠨᠢᠭᠡᠨᠲᠡ G307᠂ S520᠂ X763 ᠵᠡᠷᠭᠡ ᠠᠯᠠᠱᠠ ᠵᠡᠭᠦᠨ | ᠬᠤᠰᠢᠭᠤᠨ ᠤ ᠡᠮᠦᠨ᠎ᠡ ᠬᠡᠰᠡᠭ ᠤᠨ ᠭᠠᠵᠠᠷ ᠣᠷᠣᠨ ᠤ ᠬᠠᠮᠢᠶᠠᠷᠴᠤ ᠠᠷᠠᠴᠢᠯᠠᠵᠤ ᠪᠠᠶᠢᠭ᠎ᠠ 478 ᠺᠢᠯᠦᠮᠧᠲᠷ ᠤᠨ | ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠤ ᠵᠠᠮ ᠤᠨ ᠪᠠᠶᠢᠳᠠᠯ ᠢ ᠨᠡᠶᠢᠳᠡᠮ ᠪᠠᠶᠢᠴᠠᠭᠠᠬᠤ ᠪᠠ 660 ᠲᠡᠮᠳᠡᠭ | ᠫᠠᠶᠢᠰᠠ ᠶᠢ ᠵᠢᠭᠰᠠᠭᠠᠨ ᠪᠠᠶᠢᠴᠠᠭᠠᠬᠤ ᠠᠵᠢᠯ ᠢ ᠳᠠᠭᠤᠰᠬᠠᠪᠠ᠃ |