ᠣᠷᠳᠣᠰ ᠬᠤᠲᠠ ᠶᠢᠨ ᠵᠡᠭᠦᠨᠭᠠᠷ ᠵᠠᠰᠠᠮᠠᠯ ᠵᠠᠮ ᠤᠨ ᠠᠵᠢᠯ ᠤᠨ ᠲᠣᠭᠤᠷᠢᠭ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠪᠠᠶᠢᠬᠤ ᠶᠢ ᠦᠨᠡᠨ ᠬᠦ  ᠪᠠᠲᠤᠯᠠᠪᠠ
ᠨᠡᠶᠢᠲᠡᠯᠡᠭᠰᠡᠨ ᠴᠠᠭ᠄
2024/5/13
    ᠣᠶᠢᠷ᠎ᠠ ᠶᠢᠨ ᠡᠳᠦᠷ ᠤᠳ ᠲᠤ᠂ ᠣᠷᠳᠣᠰ ᠬᠤᠲᠠ ᠶᠢᠨ ᠵᠡᠭᠦᠨᠭᠠᠷ ᠵᠠᠰᠠᠮᠠᠯ ᠵᠠᠮ ᠤᠨ ᠠᠵᠢᠯ ᠤᠨ ᠲᠣᠭᠤᠷᠢᠭ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠤᠭᠤᠭ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ︽ᠰᠠᠭᠠᠳ ᠥᠬᠡᠶ᠂ ᠠᠮᠤᠷ᠂ ᠲᠠᠭᠠᠯᠠᠮᠵᠢᠲᠠᠶ᠂ ᠭᠤᠶᠣ ᠰᠠᠶᠢᠬᠠᠨ︾ ᠵᠠᠰᠠᠮᠠᠯ ᠵᠠᠮ ᠨᠡᠪᠲᠡᠷᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠥᠭᠪᠡ᠃    ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ  ᠬᠤᠤᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠤ ᠪᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠬᠠᠷᠢᠭᠤᠴᠠᠯᠭ᠎ᠠ ᠶᠢ ᠬᠤᠪᠢ ᠬᠥᠮᠦᠨ ᠳᠤ ᠨᠢ ᠬᠦᠷᠲᠡᠯ᠎ᠡ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ ᠬᠦᠷᠲᠡᠯ᠎ᠡ  ᠨᠠᠶᠢᠳᠠᠪᠤᠷᠢᠵᠢᠭᠤᠯᠤᠨ᠎ᠠ᠃    ᠵᠠᠮ ᠤᠨ ᠭᠠᠳᠠᠷᠭᠤ ᠶᠢᠨ ᠭᠡᠮ ᠤᠨ ᠬᠥᠨᠥᠭᠡᠯ ᠢ ᠰᠠᠶᠢᠲᠤᠷ ᠰᠢᠢᠳᠪᠦᠷᠢᠯᠡᠪᠡ᠃ ︽ᠠᠶᠤᠯᠭᠦᠶ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ︾᠎ ᠪᠠᠷ ᠭᠤᠤᠯ ᠰᠢᠵᠢᠮ ᠪᠣᠯᠭᠠᠵᠤ᠂ S24 ᠱᠤᠭᠤᠮ᠂ S103 ᠱᠤᠭᠤᠮ ᠤᠨ ᠬᠠᠷᠢᠶ᠎ᠠ ᠣᠷᠣᠨ ᠤ ᠳᠣᠲᠣᠷ᠎ᠠ ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠵᠠᠮ ᠤᠨ ᠬᠤᠩᠭᠢᠯ᠂ ᠴᠥᠮᠥᠷᠡᠬᠦ᠂ ᠠᠩ  ᠴᠠᠪᠠ ᠵᠡᠷᠭᠡ ᠳᠤ  ᠭᠡᠮ ᠤᠨ ᠬᠥᠨᠥᠭᠡᠯ ᠢ ᠵᠠᠰᠠᠵᠤ᠂ ᠵᠠᠮ ᠤᠨ ᠳᠦᠷᠢ ᠳᠦᠷᠬᠦ ᠶᠢ ᠵᠠᠰᠠᠵᠤ ᠰᠡᠯᠪᠢᠪᠡ᠃    ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠣᠲᠠᠲᠠᠶᠢᠵᠢᠭᠤᠯᠪᠠ᠃ ᠬᠠᠮᠠᠭᠠᠯᠠᠯᠲᠠ ᠶᠢᠨ ᠬᠡᠷᠡᠰᠬᠡ᠂ ᠲᠣᠯᠣᠭᠠᠢ ᠡᠷᠭᠢᠬᠦ ᠶᠢ ᠰᠡᠷᠭᠡᠶᠢᠯᠡᠬᠦ ᠲᠣᠣᠷ᠂ ᠲᠡᠮᠳᠡᠭ ᠫᠠᠶᠢᠰᠠ ᠵᠡᠷᠭᠡ ᠶᠢ ᠪᠠᠶᠢᠴᠠᠭᠠᠬᠤ ᠡᠷᠴᠢᠮ ᠢᠶᠠᠨ ᠶᠡᠬᠡᠪᠡᠷ ᠴᠢᠩᠭᠠᠳᠬᠠᠵᠤ᠂ ᠡᠪᠳᠡᠷᠡᠵᠦ ᠰᠦᠢᠳᠦᠭᠰᠡᠨ ᠵᠠᠰᠠᠮᠠᠯ ᠵᠠᠮ ᠤᠨ ᠲᠦᠭᠦᠭᠡᠷᠦᠮᠵᠢ ᠶᠢ ᠰᠡᠯᠪᠢᠨ ᠵᠠᠰᠠᠵᠤ ᠰᠣᠯᠢᠬᠤ ᠶᠢᠨ ᠬᠠᠮᠲᠤ ᠪᠦᠬᠦ ᠲᠠᠯ᠎ᠠ ᠪᠠᠷ ᠤᠬᠢᠶᠠᠪᠠ᠃ ᠡᠭᠦᠨ ᠤ ᠬᠠᠮᠲᠤ ᠬᠥᠭᠦᠷᠭᠡ ᠶᠢᠨ ᠶᠡᠬᠡᠰᠴᠦ ᠪᠠᠭᠠᠰᠬᠤ ᠵᠠᠪᠰᠠᠷ᠂ ᠤᠰᠤ ᠵᠠᠯᠠᠬᠤ ᠰᠤᠪᠠᠭ ᠵᠢᠴᠢ ᠬᠥᠭᠦᠷᠭᠡ ᠶᠢᠨ ᠭᠠᠳᠠᠷᠭᠤ ᠶᠢᠨ ᠤᠰᠤ ᠵᠠᠯᠠᠬᠤ ᠨᠦᠬᠡ ᠶᠢ ᠴᠡᠪᠡᠷᠯᠡᠨ ᠨᠡᠪᠲᠡᠷᠡᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠵᠠᠰᠠᠮᠠᠯ ᠵᠠᠮ ᠪᠣᠷᠣᠭᠠᠨ ᠳᠤ ᠤᠰᠤ ᠵᠠᠯᠠᠬᠤ ᠰᠠᠭᠠᠳ ᠲᠤ ᠤᠴᠠᠷᠠᠭᠰᠠᠨ ᠠᠴᠠ ᠵᠠᠮ ᠬᠠᠷᠢᠯᠴᠠᠭ᠎ᠠ ᠲᠠᠰᠤᠯᠳᠠᠬᠤ ᠶᠢ ᠰᠡᠷᠭᠡᠶᠢᠯᠡᠪᠡ᠃    ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠡᠮ ᠰᠤᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠪᠣᠳᠠᠲᠠᠶᠢᠵᠢᠭᠤᠯᠪᠠ᠃ ︽ᠠᠮᠤᠷ ᠲᠦᠪᠰᠢᠨ ᠢ ᠲᠡᠷᠢᠭᠦᠨ ᠳᠤ ᠪᠠᠶᠢᠯᠭᠠᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ︾ ᠠᠶᠤᠯᠭᠦᠶ ᠦᠢᠯᠡᠳᠪᠦᠷᠢᠯᠡᠯ ᠤᠨ ᠴᠢᠭᠯᠡᠯᠲᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯᠯᠠᠭᠠᠨ ᠤ ᠲᠤᠬᠠᠶ ᠶᠢᠨ ᠭᠠᠵᠠᠷ ᠤᠨ ᠠᠮᠤᠷ ᠲᠦᠪᠰᠢᠨ ᠢ ᠬᠠᠮᠠᠭᠠᠯᠠᠪᠠ᠃ ᠪᠥᠬᠦ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠠᠷᠠᠴᠢᠯᠠᠨ ᠬᠠᠮᠠᠭᠠᠯᠠᠬᠤ ᠠᠵᠢᠯᠲᠠᠳ ᠪᠡᠯᠭᠡ ᠲᠡᠮᠳᠡᠭᠲᠦ ᠬᠤᠪᠴᠠᠰᠤ ᠶᠢ ᠨᠢᠭᠡᠳᠦᠯᠲᠡᠶ ᠡᠮᠦᠰᠴᠦ ᠵᠡᠭᠦᠪᠡ︔ ᠵᠠᠮ ᠤᠨ ᠭᠠᠳᠠᠷᠭᠤ ᠶᠢᠨ ᠶᠠᠰᠤ ᠴᠢᠨᠠᠷ ᠢᠶᠠᠷ ᠭᠤᠤᠯᠳᠠᠯᠭ᠎ᠠ ᠪᠣᠯᠭᠠᠵᠤ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠠᠷᠠᠴᠢᠯᠠᠨ ᠬᠠᠮᠠᠭᠠᠯᠠᠬᠤ ᠲᠦᠷᠢᠮ ᠪᠠ ᠪᠠᠷᠢᠯᠭ᠎ᠠ ᠶᠢᠨ ᠤᠷᠠᠯᠠᠯ ᠢ ᠴᠢᠩᠳᠠᠯᠠᠵᠤ᠂ ᠠᠮᠤᠷ ᠲᠦᠪᠰᠢᠨ ᠤ ᠬᠡᠮ ᠰᠤᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤ ᠨᠢ ᠠᠷᠢᠯᠭᠠᠨ᠎ᠠ︔ ᠠᠶᠤᠯᠭᠦᠢ ᠦᠢᠯᠡᠳᠪᠦᠷᠢᠯᠡᠯ ᠤᠨ ᠤᠳᠤᠷᠢᠳᠤᠯᠭ᠎ᠠ ᠡᠭᠡᠯᠵᠢ ᠳᠠᠭᠠᠭᠤᠯᠬᠤ᠂ ᠡᠳᠦᠷ ᠤᠨ ᠮᠡᠳᠡᠭᠦᠯᠦᠯᠲᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠡᠮᠦᠨ᠎ᠡ ᠬᠤᠶᠢᠨᠠᠬᠢ ᠬᠠᠷᠢᠶᠠᠲᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠪᠠ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ  ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号