ᠠᠯᠠᠱᠠ ᠵᠡᠭᠦᠨ ᠬᠤᠰᠢᠭᠤᠨ ᠤ ᠴᠢᠩ ᠲᠦᠩ ᠰᠢᠶᠠ ᠠᠴᠠ ᠫᠦ᠋ ᠲᠣᠣ ᠳ᠋ᠦᠨ ᠬᠦᠷᠬᠦ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/5/15
    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ X762 ᠴᠢᠩ ᠲᠦᠩ ᠰᠢᠶᠠ ︵ᠦᠪᠦᠷ ᠮᠣᠩᠭᠤᠯ ᠨᠢᠩᠰᠢᠶᠠ ᠶᠢᠨ ᠵᠠᠭᠠᠭ︶᠎ ᠠᠴᠠ ᠫᠦ᠋ ᠲᠣᠣ ᠳ᠋ᠦᠨ ︵ᠦᠪᠦᠷ ᠮᠣᠩᠭᠤᠯ ᠨᠢᠩᠰᠢᠶᠠ ᠶᠢᠨ ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠠᠶᠢᠭᠤᠯᠵᠤ᠂ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠵᠠᠮ ᠤᠨ ᠣᠷᠳᠣ ᠨᠢ 17.4 ᠺᠢᠯᠦᠮᠧᠲᠷ ᠪᠣᠯᠤᠨ᠎ᠠ᠃    ᠴᠢᠩ ᠲᠦᠩ ᠰᠢᠶᠠᠨ ᠠᠴᠠ ᠫᠦ᠋ ᠲᠣᠣ ᠳ᠋ᠦᠨ ᠬᠦᠷᠬᠦ ᠵᠠᠰᠠᠮᠠᠯ ᠵᠠᠮ ᠪᠣᠯ ᠠᠯᠠᠱᠠ ᠵᠡᠭᠦᠨ ᠬᠤᠰᠢᠭᠤᠨ ᠤ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠥᠷᠪᠡᠨ ᠵᠤᠷᠪᠤᠰ ᠰᠢᠶᠠᠨ ᠤ ᠵᠠᠮ ᠤᠨ ᠨᠢᠭᠡ ᠪᠣᠯᠤᠨ᠎ᠠ᠂ ᠮᠥᠨ ᠴᠦ ᠲᠤᠰ ᠵᠢᠱᠢᠶ᠎ᠡ ᠦᠵᠡᠭᠦᠯᠬᠦ ᠣᠷᠣᠨ ᠤ ᠭᠤᠣᠯ ᠲᠡᠭᠡᠭᠡᠪᠦᠷᠢ ᠶᠢᠨ ᠵᠠᠮ ᠪᠣᠯᠤᠨ᠎ᠠ᠂ ᠵᠠᠮ ᠤᠨ ᠠᠯᠪᠠ ᠬᠠᠭᠠᠬᠤ ᠵᠢᠯ ᠨᠢ ᠤᠷᠲᠤ᠂ ᠲᠡᠷᠭᠡ ᠶᠠᠪᠤᠬᠤ ᠬᠡᠮᠵᠢᠶ᠎ᠡ ᠨᠢ ᠶᠡᠭᠡ ᠪᠣᠯᠬᠤᠷ᠂ ᠵᠠᠮ ᠤᠨ ᠭᠠᠳᠠᠷᠭᠤ ᠳᠤ ᠭᠠᠷᠤᠭᠰᠠᠨ ᠨᠦᠬᠡᠨ ᠬᠤᠩᠬᠢᠯ᠂ ᠲᠣᠣᠷ ᠠᠩ᠂ ᠰᠠᠭᠤᠭᠳᠠᠭᠰᠠᠨ ᠵᠡᠷᠭᠡ ᠭᠡᠮ ᠤᠨ ᠬᠦᠨᠦᠭᠡᠯ ᠨᠢ ᠲᠡᠷᠭᠡ ᠶᠠᠪᠤᠬᠤ ᠠᠮᠤᠷ ᠲᠦᠪᠰᠢᠨ ᠢ ᠬᠦᠨᠳᠦ ᠨᠣᠴᠢᠲᠠᠢ ᠨᠥᠯᠥᠭᠡᠯᠡᠵᠡᠢ᠃ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠵᠠᠮ ᠨᠡᠪᠲᠡᠷᠡᠯᠭᠡ ᠶᠢᠨ ᠴᠢᠳᠠᠪᠤᠷᠢ ᠪᠠ ᠠᠮᠤᠷ ᠲᠦᠪᠰᠢᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号