︽ᠪᠦᠬᠦ ᠤᠯᠤᠰ ᠤᠨ ᠬᠠᠮᠤᠭ ᠤᠨ ᠭᠤᠶᠤ︾ ᠮᠠᠨ ᠤ ᠣᠷᠣᠨ ᠳᠤ ᠪᠠᠰᠠ ᠰᠢᠨ᠎ᠡ ᠪᠦᠷᠢᠯᠳᠦᠬᠦᠨ ᠨᠡᠮᠡᠭᠳᠡᠪᠡ
ᠨᠡᠶᠢᠲᠡᠯᠡᠭᠰᠡᠨ ᠴᠠᠭ᠄
2024/5/21
    80.jpg
      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠲᠦᠷᠦᠭᠦᠬᠡᠨ 2023 ᠣᠨ ᠤ ︽ᠬᠠᠮᠤᠭ ᠤᠨ ᠭᠤᠶᠣ ᠬᠥᠳᠡᠭᠡ ᠲᠣᠰᠬᠤᠨ ᠤ ᠠᠷᠪᠠᠨ ᠶᠡᠭᠡ ᠵᠠᠮ︾ ᠤᠨ ᠨᠡᠷᠡᠰ ᠢ ᠨᠡᠶᠢᠲᠡᠯᠡᠵᠦ᠂ ᠣᠩᠨᠢᠭᠤᠳ ᠬᠤᠰᠢᠭᠤᠨ ᠤ ᠪᠣᠷᠤᠬᠤᠲᠠ ᠠᠴᠠ ᠪᠠᠶᠠᠨᠲᠣᠬᠤᠶ ᠬᠥᠷᠬᠦ ᠠᠮᠢ ᠠᠬᠤᠶ ᠶᠢᠨ ᠵᠢᠭᠤᠯᠴᠢᠯᠠᠯ ᠤᠨ ᠠᠵᠤ ᠦᠶᠯᠡᠰ ᠤᠨ ᠵᠠᠮ ᠨᠢ ᠢᠷᠠᠭᠤ ᠠᠯᠳᠠᠷᠲᠠᠶ ᠤᠨ ᠲᠡᠷᠢᠭᠦᠨ ᠳᠤ ᠵᠢᠭᠰᠠᠭᠠᠭᠳᠠᠪᠠ᠂ ᠡᠨᠡ ᠪᠣᠯ 2021 ᠣᠨ ᠤ ︽ᠬᠠᠮᠤᠭ ᠤᠨ ᠭᠤᠶᠣ ᠬᠥᠳᠡᠭᠡ ᠲᠣᠰᠬᠤᠨ ᠤ ᠠᠷᠪᠠᠨ ᠶᠡᠭᠡ ᠵᠠᠰᠠᠮᠠᠯ ᠵᠠᠮ︾ ᠳ᠋ᠧᠩᠺᠸᠤ ᠰᠢᠶᠠᠨ ᠤ X714  ᠪᠢᠯᠢᠭ ᠤᠨ ᠰᠦᠮ᠎ᠡ ᠠᠴᠠ ᠳ᠋ᠧᠩᠺᠸᠤ ᠰᠢᠶᠠᠨ ᠬᠥᠷᠬᠦ ᠵᠠᠰᠠᠮᠠᠯ ᠵᠠᠮ᠂ 2022 ᠣᠨ ᠤ ︽ᠮᠠᠨ ᠤ ᠬᠡᠷ ᠤᠨ ᠡᠭᠦᠳᠡᠨ ᠳᠠᠬᠢ ᠲᠡᠷᠡ ᠵᠠᠮ — ᠬᠠᠮᠤᠭ ᠠᠴᠠ ᠬᠦᠷᠢᠶᠡᠯᠡᠯ ᠲᠠᠢ ᠵᠠᠮ︾ ᠪᠣᠯᠬᠤ ᠣᠲᠤᠭ ᠤᠨ ᠡᠮᠦᠨᠡᠲᠦ ᠬᠤᠰᠢᠭᠤᠨ ᠤ X628 ᠨᠠᠩᠰᠤ ᠠᠴᠠ ᠪᠤᠷᠤᠪᠠᠯᠭᠠᠰᠤ ᠬᠥᠷᠬᠦ ᠬᠤᠪᠢᠰᠬᠠᠯᠲᠤ ᠵᠢᠭᠤᠯᠴᠢᠯᠠᠯ ᠤᠨ ᠵᠠᠰᠠᠮᠠᠯ ᠵᠠᠮ ᠤᠨ ᠳᠠᠷᠠᠭ᠎ᠠ ᠮᠠᠨ ᠤ ᠣᠷᠣᠨ ᠨᠢᠭᠡᠨᠲᠡ 3 ᠵᠢᠯ ᠳᠠᠷᠠᠭᠠᠯᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃
82.jpg
81.jpg
83.jpg
84.jpg
        ᠪᠣᠷᠤᠬᠤᠲᠠ ᠠᠴᠠ ᠪᠠᠶᠠᠨᠲᠣᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠮ ᠤᠨ ᠪᠦᠬᠦ ᠤᠷᠲᠤ ᠨᠢ 91 ᠺᠢᠯᠣᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 1.77 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠠᠮ ᠤᠨ ᠰᠠᠭᠤᠷᠢ  ᠶᠢᠨ ᠥᠷᠭᠡᠨ ᠨᠢ 7.9  ᠮᠧᠲᠷ᠂ ᠵᠠᠮ ᠤᠨ ᠭᠠᠳᠠᠷᠭᠤ ᠨᠢ 7 ᠮᠧᠲᠷ ᠪᠠᠶᠢᠵᠤ᠂ ᠬᠤᠷᠴᠢᠨ ᠤ ᠡᠯᠡᠰᠦᠷᠬᠡᠭ ᠭᠠᠵᠠᠷ  ᠢ ᠬᠥᠨᠳᠡᠯᠡᠨ ᠢᠶᠠᠷ ᠨᠡᠪᠲᠡᠷᠡᠵᠦ᠂ ᠣᠳᠣ ᠪᠣᠯᠲᠠᠯ᠎ᠠ ᠤᠯᠠᠭᠠᠨᠬᠠᠳᠠ ᠬᠤᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠵᠠᠮ ᠤᠨ ᠤᠷᠲᠤ ᠨᠢ ᠬᠠᠮᠤᠭ ᠤᠨ ᠤᠷᠲᠤ ᠯᠢᠴᠢᠩ ᠪᠧᠲ᠋ᠤᠨ ᠵᠠᠮ ᠤᠨ ᠭᠠᠳᠠᠷᠭᠤ ᠪᠠᠷ ᠡᠯᠡᠰᠦ ᠶᠢ ᠲᠤᠭᠤᠯᠤᠭᠰᠠᠨ ᠠᠩᠬᠠᠨ ᠤ ᠵᠠᠰᠠᠮᠠᠯ ᠵᠠᠮ ᠪᠣᠯᠤᠨ᠎ᠠ᠃ ᠪᠣᠷᠤᠬᠤᠲᠠ ᠠᠴᠠ ᠪᠠᠶᠠᠨᠲᠣᠬᠤᠢ ᠬᠦᠷᠬᠦ ᠵᠠᠰᠠᠮᠠᠯ ᠵᠠᠮ ᠨᠢ 4 ᠰᠤᠮᠤ           ︵ᠪᠠᠯᠭᠠᠰᠤ︶ ᠪᠠᠷ ᠥᠩᠭᠡᠷᠡᠵᠦ᠂ ᠵᠠᠮ ᠳᠠᠭᠠᠤ ᠶᠢᠨ ᠡᠷᠬᠢᠨ ᠲᠣᠭᠤᠷᠢᠨ ᠤ ᠤᠨᠴᠠᠯᠢᠬᠳᠤ ᠠᠵᠤ ᠦᠶᠯᠡᠰ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ᠂ ᠬᠤᠪᠢᠰᠬᠠᠯ ᠤᠨ ᠰᠤᠳᠤᠯᠤᠨ ᠰᠤᠷᠤᠯᠴᠠᠬᠤ ᠴᠡᠭ ᠪᠣᠯᠤᠨ ᠤᠨᠴᠠᠯᠢᠬᠳᠤ ᠵᠢᠭᠤᠯᠴᠢᠯᠠᠯ ᠤᠨ ᠡᠬᠢ ᠪᠠᠶᠠᠯᠢᠭ ᠢ ᠬᠤᠯᠪᠣᠵᠤ᠂ ︽ᠵᠠᠰᠠᠮᠠᠯ ᠵᠠᠮ + ᠠᠮᠢ ᠠᠬᠤᠶ + ᠠᠵᠤ    ᠦᠶᠯᠡᠰ + ᠵᠢᠭᠤᠯᠴᠢᠯᠠᠯ︾ ᠵᠡᠷᠭᠡ ᠣᠯᠠᠨ ᠨᠢᠭᠡ ᠴᠣᠭᠴᠠᠵᠢᠭᠰᠠᠨ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠪᠦᠷᠢᠯᠳᠦᠭᠦᠯᠵᠦ᠂ ︽ᠠᠵᠤ ᠦᠶᠯᠡᠰ ᠨᠢ ᠵᠠᠮ ᠢ ᠲᠠᠭᠠᠨ ᠬᠥᠭᠵᠢᠨ ᠮᠠᠨᠳᠤᠵᠤ᠂ ᠬᠥᠳᠡᠭᠡ ᠲᠣᠰᠬᠤᠨ ᠨᠢ ᠵᠠᠮ ᠢ  ᠲᠠᠭᠠᠨ ᠦᠵᠡᠰᠬᠦᠯᠡᠩᠲᠦ ᠰᠠᠶᠢᠬᠠᠨ ᠪᠣᠯᠵᠣ᠂ ᠲᠠᠷᠢᠶᠠᠴᠢᠳ ᠵᠠᠮ ᠢ ᠲᠠᠭᠠᠨ ᠪᠠᠶᠠᠵᠢᠨ ᠴᠢᠨᠡᠭᠡᠯᠢᠭᠵᠢᠭᠰᠡᠨ︾          ︽ᠨᠣᠭᠤᠭᠠᠷᠠᠭᠤᠯᠤᠯᠲᠠ ᠪᠠᠶᠠᠵᠢᠯ ᠢᠶᠠᠨ ᠬᠠᠮᠲᠤ ᠳᠤ ᠨᠢ ᠬᠥᠭᠵᠢᠭᠦᠯᠦᠭᠰᠡᠨ︾ ᠰᠢᠯᠢᠳᠡᠭ ᠵᠢᠱᠢᠶ᠎ᠡ ᠦᠵᠡᠭᠦᠯᠬᠦ ᠵᠠᠮ ᠢ ᠪᠠᠶᠢᠭᠤᠯᠵᠤ᠂ ᠨᠢᠭᠡᠨ ᠦᠨᠡᠨ ᠪᠣᠳᠠᠲᠠᠶ ᠠᠷᠠᠳ ᠲᠤ ᠲᠥᠬᠦᠮ ᠦᠵᠡᠭᠦᠯᠬᠦ ᠵᠠᠮ᠂ ᠠᠮᠢ ᠠᠬᠤᠶ ᠶᠢᠨ ᠵᠠᠮ᠂ ᠠᠵᠤ ᠦᠶᠯᠡᠰ ᠤᠨ ᠵᠠᠮ᠂ ᠪᠠᠶᠠᠵᠢᠯ ᠤᠨ ᠵᠠᠮ᠂ ᠦᠨᠳᠦᠰᠦᠲᠡᠨ ᠤ ᠪᠦᠯᠬᠦᠮᠳᠡᠯ ᠤᠨ ᠵᠠᠮ ᠪᠣᠯᠣᠨ᠎ᠠ᠃
85.jpg
86.jpg
87.jpg
88.jpg
    ᠣᠯᠠᠨ ᠵᠢᠯ ᠤᠨ ᠲᠤᠷᠰᠢ ᠰᠠᠯᠬᠢ ᠡᠯᠡᠰᠦ ᠲᠠᠢ ᠲᠡᠮᠡᠴᠡᠭᠰᠡᠨ ᠦᠢᠯᠡᠳᠦᠯᠭᠡ ᠶᠢᠨ ᠳᠤᠮᠳᠠ᠂ ᠣᠩᠨᠢᠭᠤᠳ ᠬᠤᠰᠢᠭᠤ ᠡᠯᠡᠰᠦ ᠳᠤᠭᠤᠯᠤᠭᠰᠠᠨ ᠵᠠᠰᠠᠮᠠᠯ ᠵᠠᠮ ᠢ ᠪᠦᠲᠦᠭᠡᠯᠴᠢ ᠪᠠᠷ ᠪᠦᠲᠦᠭᠡᠨ ᠪᠠᠶᠢᠭᠤᠯᠵᠤ᠂ ᠡᠯᠡᠰᠦᠷᠬᠡᠭ ᠭᠠᠵᠠᠷ  ᠢ ᠬᠡᠳᠦᠨ ᠬᠡᠰᠡᠭ ᠬᠤᠪᠢᠶᠠᠵᠤ᠂ ᠬᠡᠰᠡᠭᠯᠡᠨ ᠵᠠᠰᠠᠵᠤ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠡᠯᠡᠰᠦᠷᠬᠡᠭ ᠭᠠᠵᠠᠷ  ᠲᠤ ᠲᠤᠲᠤᠷᠭ᠎ᠠ ᠶᠢᠨ ᠡᠪᠡᠰᠦᠨ ᠤ ᠳᠥᠷᠪᠡᠯᠵᠢᠨ ᠡᠯᠡᠰᠦᠨ ᠬᠠᠯᠬᠠᠪᠴᠢ ᠪᠤᠯᠠᠵᠤ᠂ ᠬᠠᠯᠬᠠᠪᠴᠢ ᠶᠢᠨ ᠳᠤᠮᠳᠠ ᠰᠢᠷ᠎ᠠ ᠪᠤᠷᠭᠠᠰᠤ ᠶᠢ ᠬᠠᠳᠬᠤᠨ ᠰᠠᠭᠤᠯᠭᠠᠵᠤ᠂ ᠡᠯᠡᠰᠦᠨ ᠤ ᠤᠷᠭᠤᠮᠠᠯ ᠢ ᠵᠠᠶᠢᠯᠠᠵᠤ ᠤᠷᠭᠤᠭᠤᠯᠤᠨ᠂ ᠡᠯᠡᠰᠦᠷᠬᠡᠭ ᠭᠠᠵᠠᠷ  ᠤᠨ ᠤᠷᠭᠤᠮᠠᠯ ᠤᠨ ᠪᠦᠷᠬᠦᠴᠡ ᠶᠢ ᠰᠡᠷᠭᠦᠭᠡᠭᠰᠡᠨ ᠪᠠᠶᠢᠨ᠎ᠠ᠃ ᠣᠳᠣᠬᠠᠨ ᠳᠤ᠂ ᠪᠣᠷᠤᠬᠤᠲᠠ ᠠᠴᠠ ᠪᠠᠶᠠᠨᠲᠣᠬᠤᠢ ᠬᠦᠷᠬᠦ ᠵᠠᠰᠠᠮᠠᠯ ᠵᠠᠮ ᠤᠨ ᠬᠤᠶᠠᠷ ᠬᠠᠵᠠᠭᠤ ᠪᠠᠷ ᠨᠢᠭᠡᠨᠲᠡ 70 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠬᠤᠷᠴᠢᠨ ᠤ ᠡᠯᠡᠰᠦᠷᠬᠡᠭ ᠭᠠᠵᠠᠷ ᠲᠤ ᠨᠣᠭᠤᠭᠠᠨ ᠬᠠᠯᠬᠠᠪᠴᠢ ᠪᠠᠶᠢᠭᠤᠯᠵᠤ᠂ ᠵᠠᠮ ᠳᠠᠭᠠᠤ ᠶᠢᠨ ᠠᠮᠢ ᠠᠬᠤᠢ ᠶᠢᠨ ᠣᠷᠴᠢᠨ ᠲᠣᠭᠤᠷᠢᠨ ᠶᠡᠭᠡ ᠪᠠᠷ ᠰᠠᠶᠢᠵᠢᠷᠠᠵᠤ᠂ ᠤᠢ ᠰᠢᠭᠤᠢ ᠡᠪᠡᠰᠦᠨ ᠤ ᠤᠷᠭᠤᠮᠠᠯ ᠤᠨ ᠬᠤᠴᠢᠯᠭ᠎ᠠ  ᠶᠢᠨ ᠪᠦᠷᠬᠦᠴᠡ ᠢᠯᠡᠳᠲᠡ ᠳᠡᠭᠡᠭᠰᠢᠯᠡᠵᠦ᠂ ︽ᠨᠠᠢᠮᠠᠨ ᠵᠠᠭᠤᠨ ᠭᠠᠵᠠᠷ ᠤᠨ ᠡᠯᠡᠰᠦ ᠮᠠᠩᠬ᠎ᠠ ᠶᠢ ᠨᠣᠭᠤᠭᠠᠨ ᠪᠦᠷᠢᠳᠦ ᠪᠣᠯᠭᠠᠬᠤ︾ ᠰᠠᠶᠢᠬᠠᠨ ᠵᠡᠭᠦᠳᠦ ᠶᠢ ᠲᠡᠷᠭᠡᠯᠰᠢᠭᠦᠯᠵᠦ᠂ ᠬᠥᠮᠦᠰ ᠡᠯᠡᠰᠦ ᠶᠢ ᠲᠣᠭᠲᠠᠪᠤᠷᠢᠵᠢᠭᠤᠯᠬᠤ ᠲᠤᠲᠤᠷᠭ᠎ᠠ ᠶᠢᠨ ᠡᠪᠡᠰᠦ ᠶᠢᠨ ᠳᠦᠷᠪᠡᠯᠵᠢᠨ ᠢ ︽ᠣᠩᠨᠢᠭᠤᠳ ᠰᠢᠳᠢᠲᠦ ᠳᠥᠷᠪᠡᠯᠵᠢᠨ︾ ᠭᠡᠵᠦ ᠳᠣᠲᠣᠨᠣᠴᠢᠯᠠᠨ ᠨᠡᠷᠡᠶᠢᠳᠴᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号