ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠠᠬᠢᠭᠤᠯᠤᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ | ᠠᠬᠢᠭᠤᠯᠬᠤ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠯᠡᠨ ᠠᠬᠢᠭᠤᠯᠬᠤ ᠳᠤ ᠨᠡᠶᠢᠴᠡᠬᠦ | ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠨᠡᠶᠢᠲᠡᠯᠡᠵᠦ᠂ ᠡᠯ᠎ᠡ ᠲᠠᠯ᠎ᠠ ᠶᠢᠨ ᠨᠡᠶᠢᠭᠡᠮ ᠤᠨ | ᠬᠥᠷᠥᠩᠭᠡ ᠶᠢᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠨ᠎ᠠ᠃ | ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠰ ᠭᠠᠵᠠᠷ ᠣᠷᠣᠨ ᠤ ᠲᠥᠷᠥᠯ | ᠵᠦᠢᠯ ᠤᠨ ᠪᠣᠳᠠᠲᠠᠶ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠮᠠᠨ ᠤ ᠲᠢᠩᠬᠢᠮ ᠲᠥᠷᠥᠯ ᠵᠦᠢᠯ ᠢ ᠵᠣᠬᠢᠴᠠᠭᠤᠯᠤᠨ | ᠠᠬᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠨ᠎ᠠ᠃ ᠡᠯ᠎ᠡ ᠲᠥᠷᠥᠯ ᠵᠦᠢᠯ ᠤᠨ ᠪᠣᠳᠠᠲᠠᠶ ᠪᠠᠶᠢᠳᠠᠯ ᠢ ᠠᠰᠠᠭᠤᠨ | ᠯᠠᠪᠯᠠᠬᠤ ᠪᠤᠶᠤ ᠬᠠᠮᠢᠶ᠎ᠠ ᠪᠥᠬᠦᠶ ᠤᠴᠢᠷ ᠶᠠᠪᠤᠳᠠᠯ ᠢ ᠵᠣᠯᠭᠠᠭᠤᠯᠬᠤ ᠪᠠᠶᠢᠪᠠᠯ᠂ ᠡᠯ᠎ᠡ ᠠᠶᠢᠮᠠᠭ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︵ᠲᠥᠷᠥᠯ ᠵᠦᠢᠯ ᠤᠨ ᠪᠠᠶᠢᠳᠠᠯ | ᠵᠢᠴᠢ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠯ ᠳᠤ ᠦᠵᠡ︶ ᠲᠠᠢ ᠰᠢᠭᠤᠳ ᠬᠠᠷᠢᠯᠴᠠᠭᠠᠷᠠᠢ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠯᠴᠠᠬᠤ ᠬᠥᠮᠦᠨ᠄ | ᠯᠢ ᠫᠧᠩ᠂ 0471 - 6936992 | ᠴᠢᠶᠣᠤ ᠸᠧᠨ ᠲᠢᠩ᠂ ᠮᠠ ᠮᠢᠩ ᠭᠦ᠋᠂ 0471 - 6261831 | ᠳᠠᠭᠠᠯᠳᠤᠭᠤᠯᠤᠯ᠄ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ | ᠲᠣᠭᠲᠠᠴᠠ ᠶᠢ ᠬᠡᠷᠡᠭᠯᠡᠨ ᠠᠬᠢᠭᠤᠯᠬᠤ ᠳᠤ ᠨᠡᠶᠢᠴᠡᠬᠦ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ | ᠨᠠᠷᠢᠨ ᠳᠠᠩᠰᠠ᠂ xls | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2024 ᠣᠨ ᠤ 2 ᠳ᠋ᠤᠭᠠᠷ ᠰᠠᠷ᠎ᠠ ᠶᠢᠨ 26 ᠤ ᠡᠳᠦᠷ | |