ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠤᠲᠠ ᠶᠢᠨ ᠲᠣᠭᠤᠷᠢᠭ ᠤᠨ ᠣᠷᠣᠵᠤ ᠭᠠᠷᠬᠤ ᠡᠭᠦᠳᠡ ᠶᠢ ᠳᠡᠭᠡᠭᠰᠢᠯᠡᠭᠦᠯᠦᠨ ᠥᠭᠡᠷᠡᠴᠢᠯᠡᠬᠦ ᠪᠠᠷ ᠪᠣᠶ
ᠨᠡᠶᠢᠲᠡᠯᠡᠭᠰᠡᠨ ᠴᠠᠭ᠄
2024/5/31
    ᠡᠨᠡ ᠵᠢᠯ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠤᠲᠠ ᠶᠢᠨ ᠲᠣᠭᠤᠷᠢᠭ ᠤᠨ ᠣᠷᠣᠵᠤ ᠭᠠᠷᠬᠤ ᠬᠤᠲᠠ ᠶᠢᠨ ᠡᠭᠦᠳᠡ ᠵᠢᠴᠢ G59 ᠬᠥᠬᠡᠬᠤᠲᠠ ᠠᠴᠠ ᠱᠦᠸᠧ ᠵᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃    ᠣᠳᠣᠬᠠᠨ ᠳᠤ᠂ ᠲᠣᠰ ᠲᠣᠪᠴᠢᠶ᠎ᠠ G59 ᠭᠬᠥ᠋ᠬᠡᠬᠤᠲᠠ ᠠᠴᠠ ᠱᠦᠸᠧ ᠵᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠵᠠᠰᠠᠮᠠᠯ ᠵᠠᠮ ᠤᠨ ᠲᠥᠪ ᠤᠨ ᠲᠤᠰᠠᠭᠠᠷᠯᠠᠬᠤ ᠪᠦᠰᠡ ᠶᠢᠨ ᠡᠷᠢᠶᠡᠯᠵᠡᠬᠦ ᠶᠢ ᠰᠡᠷᠭᠡᠶᠢᠯᠡᠬᠦ ᠲᠣᠤᠷ ᠤᠨ ᠡᠪᠳᠡᠷᠡᠵᠦ ᠰᠦᠢᠳᠦᠭᠰᠡᠨ ᠬᠡᠰᠡᠭ ᠢ ᠰᠣᠯᠢᠵᠤ ᠰᠡᠯᠪᠢᠨ ᠵᠠᠰᠠᠬᠤ ᠵᠢᠴᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠵᠠᠮ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠬᠡᠬᠤᠲᠠ ᠠᠴᠠ ᠬᠤᠷᠢᠨᠭᠡᠷ ᠬᠦᠷᠬᠦ ᠬᠡᠰᠡᠭ ᠤᠨ ᠲᠥᠪ ᠤᠨ ᠲᠤᠰᠠᠭᠠᠷᠯᠠᠬᠤ ᠪᠦᠰᠡ ᠶᠢᠨ ᠡᠷᠢᠶᠡᠯᠵᠡᠬᠦ ᠶᠢ ᠰᠡᠷᠭᠡᠶᠢᠯᠡᠬᠦ ᠲᠣᠤᠷ ᠢ ᠪᠦᠬᠦᠨ ᠢ ᠰᠢᠨᠡᠳᠬᠡᠬᠦ ᠶᠢ ᠪᠡᠶᠡᠯᠡᠭᠦᠯᠦᠨ᠎ᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠰ ᠳᠡᠪᠰᠢᠭᠦᠯᠦᠨ ᠥᠭᠡᠷᠡᠴᠢᠯᠡᠬᠦ ᠶᠢᠨ ᠵᠣᠷᠢᠯᠭ᠎ᠠ ᠨᠢ ᠬᠤᠲᠠ ᠶᠢᠨ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ ᠬᠤᠲᠠ ᠶᠢᠨ ᠳᠣᠲᠣᠷ᠎ᠠ᠂ ᠭᠠᠳᠠᠭᠰᠢ ᠨᠡᠪᠲᠡᠷᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ  ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠪᠠ ᠣᠯᠠᠨ ᠲᠦᠮᠡᠨ ᠤ ᠵᠢᠭᠤᠯᠴᠢᠯᠠᠯ ᠶᠠᠪᠤᠵᠤ ᠰᠠᠭᠤᠬᠤ ᠣᠶᠢᠯᠠᠭᠠᠯᠲᠠ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠬᠡᠬᠤᠲᠠ ᠵᠢᠴᠢ ᠡᠷᠬᠢᠨ ᠲᠣᠭᠤᠷᠢᠨ ᠤ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号