ᠰᠢᠯᠢ ᠶᠢᠨ ᠭᠤᠤᠯ ᠠᠶᠢᠮᠠᠭ ᠤᠨ ᠬᠢᠯᠢ ᠳᠣᠲᠣᠷᠠᠬᠢ 8 ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2024/5/8
    ᠰᠢᠯᠢ ᠶᠢᠨ ᠭᠤᠤᠯ ᠠᠶᠢᠮᠠᠭ ᠤᠨ ᠬᠢᠯᠢ ᠳᠣᠲᠣᠷᠠᠬᠢ G1013 ᠬᠠᠶᠢᠯᠠᠷ ᠠᠴᠠ ᠵᠠᠩ ᠵᠢᠶᠠ ᠺᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠦᠢᠲᠡᠨ ᠭᠤᠣᠯ ᠦᠢᠯᠡᠴᠢᠯᠡᠭᠡᠨ ᠤ ᠲᠣᠭᠤᠷᠢᠭ᠂ ᠰᠠᠩ ᠤᠨ ᠳᠠᠯᠠᠢ ᠦᠢᠯᠡᠴᠢᠯᠡᠭᠡᠨ ᠤ ᠲᠣᠭᠤᠷᠢᠭ᠂ ᠬᠠᠪᠢᠷᠭ᠎ᠠ ᠦᠢᠯᠡᠴᠢᠯᠡᠭᠡᠨ ᠤ ᠲᠣᠭᠤᠷᠢᠭ᠂ ᠴᠢᠶᠠᠨ ᠹᠠᠩ ᠽᠢ ᠦᠢᠯᠡᠴᠢᠯᠡᠭᠡᠨ ᠤ ᠲᠣᠭᠤᠷᠢᠭ᠂ ᠫᠣᠤ ᠲᠠᠢ ᠶᠢᠩ ᠦᠢᠯᠡᠴᠢᠯᠡᠭᠡᠨ ᠤ ᠲᠣᠭᠤᠷᠢᠭ᠂ G16 ᠳ᠋ᠠᠨᠳᠦ᠋ᠩ ᠠᠴᠠ ᠰᠢᠯᠢᠩᠬᠤᠲᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠢᠯᠢᠩᠬᠤᠲᠠ ᠶᠢᠨ ᠡᠮᠦᠨ᠎ᠡ ᠦᠢᠯᠡᠴᠢᠯᠡᠭᠡᠨ ᠤ ᠲᠣᠭᠤᠷᠢᠭ᠂ G5516 ᠰᠦᠨᠢᠳ ᠠᠴᠠ ᠵᠠᠩ ᠵᠢᠶᠠ ᠺᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠥᠪᠡᠭᠡᠲᠦ ᠰᠢᠷ᠎ᠠ ᠬᠤᠰᠢᠭᠤᠨ ᠤ ᠡᠮᠦᠨ᠎ᠡ ᠦᠢᠯᠡᠴᠢᠯᠡᠭᠡᠨ ᠤ ᠲᠣᠭᠤᠷᠢᠭ᠂ ᠳᠦᠭᠦᠷᠡᠩ ᠥᠯᠵᠡᠢ ᠦᠢᠯᠡᠴᠢᠯᠡᠭᠡᠨ ᠤ ᠲᠣᠭᠤᠷᠢᠭ ᠨᠡᠶᠢᠲᠡ 8 ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ  ᠠᠵᠢᠯᠯᠠᠭᠤᠯᠵᠤ᠂ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠥᠷᠲᠡᠭᠡ ᠨᠢ ᠲᠠᠯᠠᠪᠠᠢ ᠶᠢᠨ ᠪᠣᠳᠠᠲᠤ ᠪᠠᠶᠢᠳᠠᠯ ᠪᠠ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ᠂ ᠨᠢᠭᠡᠨᠲᠡ 28 ᠱᠣᠩ ᠤᠨ 56 ᠲᠦᠷᠭᠡᠨ ᠴᠡᠨᠡᠭᠯᠡᠬᠦ ᠫᠤᠤ᠂ 32 ᠤᠳᠠᠭᠠᠨ ᠴᠡᠨᠡᠭᠯᠡᠬᠦ ᠱᠣᠩ ︵ᠫᠣᠤ︶᠎ ᠢ ᠠᠵᠢᠯᠯᠠᠭᠤᠯᠵᠤ᠂ ᠪᠦᠬᠦ ᠠᠶᠢᠮᠠᠭ ᠤᠨ ᠬᠢᠯᠢ ᠶᠢᠨ ᠳᠣᠲᠣᠷᠠᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠣᠷᠣᠨ ᠤ ᠴᠠᠬᠢᠯᠭᠠᠨ ᠴᠡᠨᠡᠭᠯᠡᠬᠦ ᠥᠷᠲᠡᠭᠡ ᠶᠢ ᠪᠦᠬᠦᠨ ᠢ ᠬᠠᠮᠤᠷᠴᠠᠢ᠃
W020240507361980016358.jpg
W020240507361980068295.jpg
       ᠡᠨᠡ ᠵᠢᠯ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠷᠭᠡᠳᠭᠡᠵᠦ᠂ ᠪᠠᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠲᠣᠬᠢᠷᠠᠭᠤᠯᠤᠯᠲᠠ ᠶᠢ ᠨᠢᠭᠲᠠᠵᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠤ ︽ᠡᠨᠧᠷᠭᠢ ᠨᠥᠬᠦᠪᠥᠷᠢᠯᠡᠬᠦ ᠵᠣᠪᠠᠨᠢᠯ︾᠎ ᠤᠨ ᠠᠰᠠᠭᠤᠳᠠᠯ ᠢ ᠰᠢᠢᠳᠪᠦᠷᠢᠯᠡᠵᠦ᠂ ᠣᠶᠤᠨᠴᠢ᠂ ᠳᠥᠭᠦᠮ ᠲᠦᠳᠡ᠂ ᠠᠮᠤᠷ  ᠲᠦᠪᠰᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠦᠬᠦ ᠬᠦᠴᠦᠨ ᠢᠶᠠᠷ ᠢᠶᠠᠨ ᠪᠣᠢ ᠪᠣᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号