ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠨᠢᠭᠡ ᠴᠣᠭᠴᠠᠵᠢᠭᠰᠠᠨ ᠥᠪᠡᠰᠦᠪᠡᠨ ᠦᠨᠡᠯᠡᠨ ᠵᠢᠱᠢᠬᠦ ᠠᠵᠢᠯ ᠳᠠᠭᠤᠰᠴᠤ᠂ ᠲᠤᠭ᠎ᠠ ᠪᠠᠷᠢᠮᠲᠠ ᠶᠢᠨ ᠢᠯᠡᠷᠡᠭᠦᠯᠦᠭᠰᠡᠨ | ᠢᠶᠠᠷ᠂ ᠪᠥᠬᠦ ᠣᠷᠣᠨ ᠤ ᠬᠡᠪᠴᠢᠶᠡᠨ ᠳᠠᠬᠢ ︽ᠪᠥᠬᠦ ᠣᠷᠣᠨ ᠪᠦᠰᠡ ᠶᠢᠨ ᠨᠡᠶᠢᠲᠡ ᠶᠢᠨ ᠵᠠᠮ ᠬᠠᠷᠢᠯᠴᠠᠭ᠎ᠠ︾ | ᠪᠦᠷᠬᠦᠭᠦᠯᠦᠭᠰᠡᠨ ᠬᠤᠰᠢᠭᠤ ᠰᠢᠶᠠᠨ ᠤ ᠲᠤᠭ᠎ᠠ ᠨᠡᠮᠡᠭᠳᠡᠭᠡᠳ ᠨᠠᠶᠮᠠ ᠪᠣᠯᠪᠠ᠃ | | | | ᠣᠯᠠᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠶᠠᠰᠤ ᠴᠢᠨᠠᠷ ᠪᠠ ᠵᠣᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ᠂ ᠪᠠᠯᠠ ᠮᠥᠩᠭᠦ ᠪᠠᠷ | ᠲᠡᠳᠬᠦᠬᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠤᠲᠠ ᠬᠥᠳᠡᠭᠡ | ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠠᠬᠢᠴᠠ ᠶᠢ ᠢᠳᠡᠪᠬᠢᠲᠡᠶ ᠠᠬᠢᠭᠤᠯᠪᠠ᠃ | | | | ᠪᠦᠬᠦ ᠣᠷᠣᠨ ᠪᠦᠰᠡ ᠶᠢᠨ ᠨᠡᠶᠢᠲᠡ ᠵᠢᠨᠵᠠᠮ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠶᠠᠪᠤᠴᠠ ᠳᠤ᠂ | ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠢ ᠵᠠᠩᠭᠢᠯᠠᠭ᠎ᠠ ᠶᠢᠨ ᠭᠠᠷᠳᠠᠴᠠ ᠪᠣᠯᠪᠠ᠃ ᠤᠯᠤᠰ ᠤᠨ ᠵᠢᠱᠢᠶ᠎ᠡ | ᠦᠵᠡᠭᠦᠯᠬᠦ ᠨᠢᠭᠡᠴᠢ ᠪᠣᠯᠬᠤ ᠬᠤᠷᠢᠨᠭᠡᠷ ᠰᠢᠶᠠᠨ ᠨᠢ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠵᠦᠶᠯ ᠤᠨ ᠡᠳ᠋ | ᠤᠨ ᠵᠠᠰᠠᠭ ᠤᠨ ᠨᠥᠬᠦᠪᠥᠷᠢ ᠶᠢᠨ ᠲᠣᠭᠲᠠᠭᠤᠨ ᠲᠥᠷᠥ ᠶᠢᠨ ᠪᠣᠳᠣᠯᠭ᠎ᠠ ᠶᠢ ᠪᠠᠶᠢᠭᠤᠯᠵᠤ᠂ ᠣᠶᠢᠷ᠎ᠠ ᠳᠤ ᠴᠧᠩ | ᠭᠤᠸᠠᠨ ᠪᠠᠯᠭᠠᠰᠤ ᠠᠴᠠ ᠬᠥᠬᠡᠬᠤᠲᠠ ᠲᠣᠭᠤᠷᠢᠭ ᠬᠥᠷᠬᠦ ᠵᠠᠮ ᠱᠤᠭᠤᠮ ᠢ ᠰᠢᠨ᠎ᠡ ᠪᠠᠷ ᠨᠡᠪᠲᠡᠷᠡᠭᠦᠯᠵᠦ᠂ ᠣᠷᠣᠨ ᠤ | ᠲᠥᠪ ᠬᠤᠲᠠ ᠶᠢᠨ ᠳᠡᠳ᠋ ᠲᠥᠪ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠤᠯᠤᠰ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠢᠭᠡᠴᠢ ᠪᠣᠯᠬᠤ ᠲᠦᠮᠡᠳ ᠪᠠᠷᠠᠭᠤᠨ ᠬᠤᠰᠢᠭᠤ ᠨᠢ ᠪᠥᠬᠦ | ᠬᠤᠰᠢᠭᠤ ᠶᠢ ᠪᠦᠷᠬᠦᠬᠦᠯᠦᠭᠰᠡᠨ ᠪᠥᠬᠦ ᠣᠷᠣᠨ ᠪᠦᠰᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠦᠯᠵᠢᠶᠡᠨ | ᠤ ᠰᠢᠰᠲ᠋ᠧᠮ ᠢ ᠪᠠᠶᠢᠭᠤᠯᠵᠤ᠂ ︽ᠨᠡᠶᠢᠲᠡ ᠶᠢᠨ ᠵᠠᠮ ᠬᠠᠷᠢᠯᠴᠠᠭ᠎ᠠ ᠪᠠᠷ ᠪᠠᠷᠠᠭ᠎ᠠ ᠳᠠᠭᠠᠭᠤᠯᠬᠤ︾ ᠬᠡᠯᠪᠡᠷᠢ ᠪᠠᠷ | ᠠᠶᠠᠨᠴᠢᠳ ᠪᠠᠷᠠᠭ᠎ᠠ ᠰᠢᠤᠳᠠᠨ ᠤ ᠠᠭᠤᠰᠤᠯᠴᠠᠯ ᠢ ᠪᠡᠶᠡᠯᠡᠭᠦᠯᠵᠦ᠂ ᠵᠠᠮ ᠱᠤᠭᠤᠮ ᠢ ᠨᠡᠪᠲᠡᠷᠡᠭᠦᠯᠦᠭᠰᠡᠨ ᠲᠡᠷᠢᠭᠦᠨ | ᠰᠠᠷ᠎ᠠ ᠡᠳᠦᠷ ᠪᠦᠷᠢ ᠳᠤᠮᠳᠠᠴᠢ ᠪᠠᠷ 1000 ᠭᠠᠷᠤᠶ ᠲᠦᠷᠭᠡᠨ ᠬᠦᠷᠭᠡᠯᠲᠡ ᠶᠢᠨ ᠪᠣᠭᠤᠳᠠᠯ ᠲᠡᠭᠡᠭᠡᠪᠦᠷᠢᠯᠡᠨ | ᠬᠦᠷᠭᠡᠪᠡ︔ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠢᠭᠡᠴᠢ ᠪᠣᠯᠬᠤ | ᠦᠶᠤᠸᠠᠨ ᠰᠢᠶᠠᠨ ᠨᠢ ᠨᠢᠭᠡᠨᠲᠡ ᠭᠠᠳᠠᠭᠠᠳᠤ ᠳᠤ ᠪᠠᠨ ᠬᠥᠷᠰᠢ ᠵᠡᠷᠭᠡᠯᠡᠳᠡᠭᠡ ᠬᠤᠰᠢᠭᠤ ᠰᠢᠶᠠᠨ ᠲᠠᠢ ᠬᠠᠷᠢᠯᠴᠠᠬᠤ᠂ | ᠳᠣᠲᠣᠭᠠᠳᠤ ᠳᠤ ᠪᠠᠨ ᠡᠯ᠎ᠡ ᠲᠣᠰᠬᠤᠨ ᠪᠠᠯᠭᠠᠰᠤ ᠳᠤ ᠨᠡᠪᠲᠡᠷᠡᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ | ᠤᠨ ᠲᠣᠤᠷ ᠢ ᠪᠦᠷᠢᠯᠳᠦᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠪᠢᠯᠧᠲ ᠤᠨ ᠦᠨ᠎ᠡ ᠶᠢ ᠳᠤᠮᠳᠠᠴᠢ ᠪᠠᠷ | 50% ᠠᠴᠠ ᠳᠡᠭᠡᠭᠰᠢ ᠪᠠᠭᠤᠷᠠᠭᠤᠯᠵᠤ᠂ ᠠᠰᠢᠭ ᠭᠥᠷᠳᠡᠭᠰᠡᠨ ᠣᠯᠠᠨ ᠲᠦᠮᠡᠨ 30 ᠲᠦᠮᠡ ᠳᠤ ᠬᠥᠷᠪᠡ︔ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠣᠷᠣᠨ ᠪᠦᠰᠡ ᠶᠢᠨ ᠨᠡᠶᠢᠲᠡ ᠶᠢᠨ ᠮᠠᠰᠢᠨ ᠲᠡᠷᠭᠡᠨ ᠤ | ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠨᠡᠶᠢᠲᠡ | ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠬᠠᠷᠢᠴᠠᠯ 85% ᠶᠢ ᠳᠠᠪᠠᠵᠤ᠂ ᠪᠥᠬᠦ ᠬᠤᠰᠢᠭᠤᠨ ᠤ ᠴᠠᠬᠢᠯᠭᠠᠨ | ᠴᠡᠨᠡᠭᠯᠡᠬᠦ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠤᠲᠠ ᠬᠥᠳᠡᠭᠡ ᠶᠢᠨ | ᠠᠭᠤᠰᠤᠯᠴᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ | | | | ᠳᠠᠯᠠᠳ ᠬᠤᠰᠢᠭᠤ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠠᠯᠪᠠᠨ ᠤ ᠲᠡᠷᠭᠡ ᠶᠢ ᠠᠯᠪᠠᠨ ᠠᠴᠠ | ᠡᠵᠡᠩᠨᠡᠬᠦ᠂ ᠡᠳ᠋ ᠤᠨ ᠵᠠᠰᠠᠭ ᠠᠴᠠ ᠦᠨᠳᠦᠰᠦᠨ ᠵᠦᠶᠯ ᠢ ᠪᠠᠲᠤᠯᠠᠬᠤ︾ ᠪᠠᠷ ᠵᠠᠷᠴᠢᠮ ᠪᠣᠯᠭᠠᠵᠤ᠂ ︽ᠵᠠᠮ ᠱᠤᠭᠤᠮ | ᠤᠨ ᠡᠵᠡᠩᠨᠡᠯᠲᠡ + ᠠᠵᠢᠯ ᠳᠤ ᠭᠠᠷᠬᠤ ᠲᠤᠬᠠᠶᠢᠯᠠᠭᠰᠠᠨ ᠠᠵᠢᠯ + ᠵᠠᠬᠢᠶᠠᠯᠠᠭ᠎ᠠ ᠶᠢᠨ ᠨᠡᠶᠢᠲᠡ ᠶᠢᠨ ᠮᠠᠰᠢᠨ | ᠲᠡᠷᠭᠡ + ᠲᠡᠷᠭᠡ ᠳᠦᠷᠢᠶᠡᠰᠦᠯᠡᠬᠦ ᠦᠶᠯᠡᠴᠢᠯᠡᠭᠡ︾ ᠵᠡᠷᠭᠡ ᠣᠯᠠᠨ ᠵᠦᠶᠯ ᠤᠨ ᠡᠵᠡᠩᠨᠡᠯᠲᠡ ᠶᠢᠨ ᠵᠠᠭᠪᠤᠷ ᠢ | ᠨᠡᠭᠡᠭᠡᠨ ᠬᠥᠭᠵᠢᠭᠦᠯᠵᠦ᠂ ᠣᠯᠠᠨ ᠲᠦᠮᠡᠨ ᠤ ᠣᠯᠠᠨ ᠡᠰᠢᠵᠢᠭᠰᠡᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠪᠠ᠃ ᠪᠠᠭᠠᠷᠢᠨ ᠪᠠᠷᠠᠭᠤᠨ ᠬᠤᠰᠢᠭᠤ 2018 ᠣᠨ ᠳᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ | ᠶᠢᠨ ᠨᠡᠶᠢᠲᠡ ᠶᠢᠨ ᠮᠠᠰᠢᠨᠴᠢᠯᠠᠭᠰᠠᠨ ᠥᠭᠡᠷᠡᠴᠢᠯᠡᠯᠲᠡ ᠶᠢ ᠶᠡᠭᠡ ᠪᠠᠷ ᠬᠡᠷᠡᠭᠵᠢᠭᠦᠯᠵᠦ᠂ ᠪᠥᠬᠦ ᠣᠷᠣᠨ ᠪᠦᠰᠡ ᠶᠢᠨ | ᠨᠡᠶᠢᠲᠡ ᠶᠢᠨ ᠵᠠᠮ ᠬᠠᠷᠢᠯᠴᠠᠭᠠᠨ ᠤ ᠵᠠᠭᠪᠤᠷ ᠨᠢ 9 ᠰᠢᠶᠠᠩ ᠪᠠᠯᠭᠠᠰᠤ ᠪᠣᠯᠤᠨ 161 ᠪᠠᠶᠢᠭᠤᠯᠤᠮᠵᠢᠲᠤ ᠲᠣᠰᠬᠤᠨ | ᠢ ᠪᠦᠷᠬᠦᠬᠦᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠲᠥᠷᠥᠭᠳᠡᠯ ᠢ ᠲᠤᠶᠢᠯ | ᠤᠨ ᠶᠡᠭᠡ ᠪᠠᠷ ᠳᠡᠭᠡᠭᠰᠢᠯᠡᠭᠦᠯᠪᠡ᠃ ᠬᠤᠣᠯᠢᠨ ᠭᠤᠣᠯ ᠬᠤᠲᠠ ᠨᠢ ᠠᠵᠤ ᠦᠢᠯᠡᠳᠪᠦᠷᠢ ᠶᠢᠨ ᠣᠨᠴᠠᠯᠢᠭ ᠲᠤ ᠪᠠᠨ | ᠲᠦᠰᠢᠭᠯᠡᠨ᠂ 12 ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠨᠡᠪᠲᠡᠷᠡᠭᠦᠯᠵᠦ᠂ ᠨᠡᠶᠢᠲᠡ ᠶᠢᠨ | ᠮᠠᠰᠢᠨ ᠲᠡᠷᠭᠡᠨ ᠤ ᠰᠢᠨ᠎ᠡ ᠡᠨᠧᠷᠭᠢ ᠶᠢᠨ ᠬᠠᠷᠢᠴᠠᠯ 100% ᠰᠢᠬᠠᠮ ᠳᠤ ᠬᠦᠷᠴᠡᠢ᠃ ᠮᠠᠨᠵᠤᠤᠷ ᠬᠤᠲᠠ ᠨᠢ | ᠮᠠᠰᠢᠨ ᠲᠡᠷᠭᠡ ᠲᠣᠬᠢᠷᠠᠭᠤᠯᠬᠤ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ ᠦᠶᠯᠡᠴᠢᠯᠡᠭᠡ ᠪᠠᠨ ᠳᠡᠭᠡᠭᠰᠢᠯᠡᠭᠦᠯᠵᠦ᠂ | ᠵᠢᠭᠤᠯᠴᠢᠯᠠᠯ ᠤᠨ ᠦᠶᠯᠡᠴᠢᠯᠡᠭᠡᠨ ᠤ ᠲᠢᠩᠬᠢᠮ᠂ ᠬᠡᠦᠬᠡᠯᠳᠡᠶ ᠲᠠᠯᠠᠪᠠᠶ᠂ ᠤᠯᠤᠰ ᠤᠨ ᠡᠭᠦᠳᠡ᠂ ᠦᠷᠡᠭᠳᠡᠭᠰᠡᠨ | ᠪᠠᠭᠠᠲᠤᠷᠴᠤᠳ ᠤᠨ ᠴᠡᠴᠡᠷᠯᠢᠭ ᠵᠡᠷᠭᠡ ᠥᠷᠲᠡᠭᠡ ᠴᠡᠭ ᠢ ᠪᠦᠲᠦᠮᠵᠢᠲᠡᠶ ᠬᠤᠯᠪᠣᠵᠤ᠂ ᠬᠢᠯᠢ ᠶᠢᠨ ᠵᠢᠭᠤᠯᠴᠢᠯᠠᠯ ᠤᠨ | ᠬᠥᠭᠵᠢᠯᠲᠡ ᠳᠤ ᠬᠦᠴᠦᠨ ᠨᠡᠮᠡᠷᠢᠯᠡᠪᠡ᠃ |