︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠠᠷᠭ᠎ᠠ    ︵ᠲᠤᠷᠰᠢᠨ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/9
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠲᠣᠰ ᠲᠣᠭᠤᠷᠢᠭ ᠤᠨ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ︵ᠳᠣᠷᠣᠭᠰᠢ ︽ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ︾ ᠭᠡᠵᠦ ᠲᠣᠪᠴᠢᠯᠠᠨ᠎ᠠ︶ ᠶᠢᠨ ᠡᠵᠡᠩᠨᠡᠯᠲᠡ ᠶᠢᠨ ᠠᠵᠢᠯᠯᠠᠭ᠎ᠠ ᠶᠢ ᠨᠠᠩ ᠪᠤᠰᠤᠳᠴᠢ ᠪᠥᠭᠡᠳ ᠣᠨᠣᠪᠴᠢᠲᠠᠶ ᠦᠨᠡᠯᠡᠵᠦ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠷᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ ᠶᠤᠮ᠃    ᠨᠢᠭᠡ᠂ ᠲᠣᠭᠲᠠᠭᠠᠬᠤ ᠶᠢᠨ ᠴᠢᠬᠤᠯᠠ ᠴᠢᠨᠠᠷ    ︵ᠨᠢᠭᠡ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ 2022 ᠣᠨ ᠤ 3 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠳᠣᠲᠣᠭᠠᠳᠤ ᠶᠢ ᠬᠠᠮᠠᠭᠠᠯᠠᠬᠤ ᠶᠠᠮᠤᠨ ᠬᠠᠮᠲᠤᠷᠠᠨ ︽ᠮᠠᠰᠢᠨ ᠲᠡᠷᠭᠡ ᠵᠢᠯᠣᠭᠤᠳᠬᠤ ᠪᠣᠯᠪᠠᠰᠤᠷᠠᠯ ᠤᠨ ᠵᠢᠭᠠᠨ ᠰᠤᠷᠭᠠᠯᠲᠠ ᠬᠢᠭᠡᠳ ᠰᠢᠯᠭᠠᠯᠲᠠ ᠶᠢᠨ ᠬᠥᠲᠥᠯᠪᠦᠷᠢ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠲᠠᠷᠬᠠᠭᠠᠭᠰᠠᠨ ﹇2022﹈ 36 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠪᠠ︔ 9 ᠳ᠋ᠦ᠋ᠭᠡᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2022 ᠣᠨ ᠤ 32 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠢ ᠦᠨᠳᠦᠰᠦᠯᠡᠨ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠲᠣᠭᠲᠠᠭᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃    ︵ᠬᠤᠶᠠᠷ︶ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠤᠨ ᠪᠣᠳᠠᠲᠠᠶ ᠬᠡᠷᠡᠭᠵᠢᠭᠦᠯᠬᠦ ᠰᠠᠯᠠᠭ᠎ᠠ ᠮᠥᠴᠢᠷ ᠤᠳ ᠵᠣᠬᠢᠬᠤ ᠬᠡᠮᠵᠢᠶᠡᠨ ᠤ ᠲᠣᠬᠢᠷᠠᠭᠤᠯᠤᠯᠲᠠ ᠬᠢᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠬᠠᠷᠢᠯᠴᠠᠨ ᠵᠣᠯᠭᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠬᠤ ᠶᠢᠨ ᠲᠤᠰᠠᠳᠠ᠂ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠬᠢᠨᠠᠯᠲᠠ ᠬᠠᠮᠢᠶᠠᠷᠤᠯᠲᠠ ᠶᠢᠨ ᠬᠡᠮᠵᠢᠶᠡᠵᠢᠭᠦᠯᠦᠭᠰᠡᠨ ᠰᠢᠯᠭᠠᠨ ᠬᠢᠨᠠᠬᠤ ᠪᠠᠷᠢᠮᠵᠢᠶ᠎ᠠ ᠶᠢ ᠲᠣᠭᠲᠠᠭᠠᠵᠤ᠂ ᠪᠦᠬᠦ ᠣᠷᠣᠨ ᠤ ᠵᠢᠯᠣᠭᠤᠴᠢ ᠪᠣᠯᠪᠠᠰᠤᠷᠠᠭᠤᠯᠬᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃    ︵ᠭᠤᠷᠪᠠ︶ ᠪᠣᠳᠠᠲᠠᠢ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠎ᠠ᠃ ᠣᠶᠢᠷ᠎ᠠ ᠶᠢᠨ ᠵᠢᠯ ᠤᠨ ᠮᠠᠨ ᠤ ᠣᠷᠣᠨ ᠤ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠰᠢᠯᠭᠠᠨ ᠬᠢᠨᠠᠬᠤ ᠠᠷᠭ᠎ᠠ ᠳᠤ ᠳᠣᠤᠷᠠᠬᠢ ᠮᠡᠲᠦ ᠵᠢᠷᠤᠮᠵᠢᠯ ᠢ ᠬᠢᠬᠦ ᠬᠡᠷᠡᠭᠲᠡᠶ᠄ ᠨᠢᠭᠡ ᠳᠤ᠂ ᠰᠢᠯᠭᠠᠨ ᠬᠢᠨᠠᠬᠤ ᠠᠭᠤᠯᠭ᠎ᠠ ᠶᠢᠨ ᠲᠠᠯ᠎ᠠ ᠪᠠᠷ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠲᠠᠯ᠎ᠠ ᠶᠢᠨ ᠰᠢᠯᠭᠠᠨ ᠬᠢᠨᠠᠬᠤ ᠠᠭᠤᠯᠭ᠎ᠠ ᠪᠠ ᠬᠤᠪᠢ ᠶᠢᠨ ᠥᠷᠲᠡᠭ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠠᠵᠢᠯ ᠳᠤ ᠵᠢᠷᠤᠮᠯᠠᠯ   ᠬᠠᠩᠭᠠᠨ᠎ᠠ᠃ ᠬᠤᠶᠠᠷ ᠲᠤ᠂ ᠪᠣᠳᠠᠲᠠᠢ ᠬᠡᠷᠡᠭᠵᠢᠭᠦᠯᠬᠦ ᠲᠠᠯ᠎ᠠ ᠪᠠᠷ᠂ ᠣᠳᠣᠬᠠᠨ ᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠭᠰᠡᠨ ᠦᠭᠡᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠬᠦ ᠨᠢ ᠰᠠᠭᠠᠳ ᠲᠠᠢ ᠪᠠᠶᠢᠵᠤ᠂ ᠠᠵᠢᠯ ᠤᠨ ᠭᠤᠭᠴᠤᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃    ᠬᠤᠶᠠᠷ᠂  ᠲᠣᠭᠲᠠᠭᠠᠭᠰᠠᠨ ᠰᠡᠳᠬᠢᠮᠵᠢ     ︽ᠮᠠᠰᠢᠨ ᠲᠡᠷᠭᠡᠨ ᠤ ᠪᠣᠯᠪᠠᠰᠤᠷᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠲᠣᠰ ᠣᠷᠤᠨ ᠤ ᠵᠢᠯᠣᠭᠤᠴᠢ ᠪᠣᠯᠪᠠᠰᠤᠷᠠᠭᠤᠯᠬᠤ ᠠᠵᠢᠯ ᠲᠥᠷᠥᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠶᠦᠯᠭᠦᠢ ᠦᠢᠯᠡᠳᠪᠦᠷᠢᠯᠡᠯ ᠢᠶᠠᠷ ᠤᠯᠠᠭᠠᠨ ᠱᠤᠭᠤᠮ ᠪᠣᠯᠭᠠᠵᠤ᠂ ᠡᠵᠡᠩᠨᠡᠯᠲᠡ ᠶᠢ ᠵᠢᠷᠤᠮᠵᠢᠭᠤᠯᠬᠤ ᠪᠠᠷ ᠬᠤᠷᠢᠭ᠎ᠠ ᠱᠤᠭᠤᠮ ᠪᠣᠯᠭᠠᠨ᠂ ᠪᠣᠯᠪᠠᠰᠤᠷᠠᠯ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠰᠢᠵᠢᠮ ᠪᠣᠯᠭᠠᠵᠤ᠂ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠂ ᠰᠢᠯᠭᠠᠨ ᠬᠢᠨᠠᠬᠤ ᠠᠭᠤᠯᠭ᠎ᠠ ᠶᠢ ᠪᠥᠬᠦ ᠲᠠᠯ᠎ᠠ ᠪᠠᠷ ᠬᠠᠮᠤᠷᠬᠤ ᠂ ᠭᠤᠤᠯᠳᠠᠯᠭ᠎ᠠ ᠶᠢ ᠳᠣᠪᠤᠶᠢᠯᠭᠠᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠵᠢᠴᠢ ᠬᠤᠪᠢ ᠪᠤᠳᠤᠬᠤ ᠲᠦᠷᠢᠮ ᠢ ᠲᠣᠳᠣᠷᠬᠠᠶ ᠣᠨᠣᠪᠴᠢᠲᠠᠶ ᠪᠣᠯᠭᠠᠵᠤ᠂ ᠰᠢᠯᠭᠠᠨ ᠬᠢᠨᠠᠬᠤ ᠴᠤᠪᠤᠷᠠᠯ ᠢ ᠵᠢᠷᠤᠮᠵᠢᠭᠤᠯᠤᠨ ᠲᠣᠳᠣᠷᠬᠠᠶ ᠪᠣᠯᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠨᠢ ᠪᠤᠰᠤᠳᠴᠢ ᠪᠥᠭᠡᠳ ᠣᠨᠣᠪᠴᠢᠲᠠᠶ ᠪᠠᠶᠢᠬᠤ ᠶᠢᠨ ᠬᠠᠮᠲᠤ ᠢᠲᠡᠭᠡᠮᠵᠢ ᠶᠢᠨ ᠦᠨᠡᠯᠡᠯᠲᠡ ᠯᠦᠭᠡ ᠰᠠᠶᠢᠲᠤᠷ ᠵᠣᠯᠭᠠᠭᠤᠯᠬᠤ ᠶᠢ ᠪᠡᠶᠡᠯᠡᠭᠦᠯᠦᠨ᠎ᠡ᠃     ᠭᠤᠷᠪᠠ᠂ ᠭᠤᠤᠯᠳᠠᠭᠤ ᠲᠣᠭᠲᠠᠭᠠᠭᠰᠠᠨ ᠠᠭᠤᠯᠭ᠎ᠠ    ︵ᠨᠢᠭᠡ︶ ᠬᠤᠪᠢ ᠪᠣᠳᠤᠬᠤ ᠪᠠᠷᠢᠮᠵᠢᠶ᠎ᠠ ᠪᠠ ᠳᠦᠷᠢᠮ ᠢ ᠵᠢᠷᠤᠮᠵᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠬᠤᠪᠢ ᠪᠤᠳᠤᠬᠤ ᠪᠠᠷᠢᠮᠵᠢᠶ᠎ᠠ ᠶᠢ ᠳᠦᠷᠰᠦᠯᠡᠨ ᠲᠣᠭᠠᠴᠢᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠢᠯᠭᠠᠨ ᠬᠢᠨᠠᠬᠤ ᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠰᠢᠯᠭᠠᠨ ᠬᠢᠨᠠᠬᠤ ᠠᠭᠤᠯᠭ᠎ᠠ ᠶᠢ ᠦᠨᠳᠦᠰᠦᠨ ᠪᠠᠶᠢᠳᠠᠯ᠂ ᠠᠶᠦᠯᠭᠦᠢ ᠦᠢᠯᠡᠳᠪᠦᠷᠢᠯᠡᠯ᠂ ᠪᠣᠯᠪᠠᠰᠤᠷᠠᠯ ᠤᠨ ᠶᠠᠰᠤ ᠴᠢᠨᠠᠷ᠂ ᠦᠢᠯᠡᠴᠢᠯᠡᠭᠡᠨ ᠤ ᠶᠠᠰᠤ ᠴᠢᠨᠠᠷ᠂ ᠡᠵᠡᠩᠨᠡᠯᠲᠡ ᠶᠢᠨ ᠠᠵᠢᠯᠯᠠᠭ᠎ᠠ᠂ ᠶᠠᠰᠤ ᠴᠢᠨᠠᠷ ᠢᠲᠡᠭᠡᠮᠵᠢ ᠶᠢᠨ ᠬᠠᠮᠢᠶᠠᠷᠤᠯᠲᠠ ᠵᠡᠷᠭᠡ 7 ᠲᠠᠯ᠎ᠠ ᠪᠣᠯᠭᠠᠨ ᠡᠮᠬᠢᠯᠡᠨ ᠨᠡᠶᠢᠯᠡᠭᠦᠯᠪᠡ᠃    ︵ᠬᠤᠶᠠᠷ︶ ᠰᠢᠯᠭᠠᠨ ᠬᠢᠨᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠤᠷᠬᠠᠶᠢᠯᠠᠨ᠎ᠠ᠃ ᠬᠤᠰᠢᠭᠤ ᠰᠢᠶᠠᠨ ᠤ ᠱᠠᠳᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠦᠪᠡᠷᠳᠡᠬᠡᠨ ᠵᠠᠰᠠᠬᠤ ᠤᠷᠤᠨ ᠤ ᠵᠢᠯᠣᠭᠤᠴᠢ ᠪᠣᠯᠪᠠᠰᠤᠷᠠᠭᠤᠯᠬᠤ ᠬᠢᠨᠠᠯᠳᠠ ᠬᠠᠮᠢᠶᠠᠷᠤᠯᠳᠠ ᠶᠢᠨ ᠦᠢᠯᠡᠴᠢᠯᠡᠬᠡᠨ ᠤ ᠲᠡᠪᠴᠡᠩ ᠳᠤ ᠲᠦᠰᠢᠭᠯᠡᠵᠦ ᠰᠢᠯᠭᠠᠨ  ᠬᠢᠨᠠᠭᠰᠠᠨ ᠮᠠᠲ᠋ᠧᠷᠢᠶᠠᠯ ᠢ ᠠᠩᠬ᠎ᠠ ᠠᠯᠬᠤᠮ ᠬᠢᠨᠠᠨ ᠬᠠᠷᠭᠤᠭᠤᠯᠬᠤ ᠬᠡᠷᠡᠭᠲᠡᠶ︔ ᠠᠶᠢᠮᠠᠭ ᠬᠤᠳᠠ ᠶᠢᠨ ᠱᠠᠳᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠮ ᠬᠠᠷᠢᠯᠴᠠᠭ᠎ᠠ ᠲᠡᠬᠡᠬᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ ᠲᠤᠬᠠᠢ ᠶᠢᠨ ᠭᠠᠵᠠᠷ ᠲᠤ ᠨᠢ ᠲᠠᠬᠢᠨ ᠬᠢᠨᠠᠬᠤ ᠶᠢ ᠦᠷᠨᠢᠭᠦᠯᠬᠦ ᠬᠡᠷᠡᠭᠲᠡᠢ ᠭᠡᠵᠦ ᠲᠣᠳᠤᠷᠬᠠᠢ ᠱᠠᠭᠠᠷᠳᠠᠪᠠ᠃    ︵ᠭᠤᠷᠪᠠ︶ ᠰᠢᠯᠭᠠᠨ ᠬᠢᠨᠠᠬᠤ ᠴᠤᠪᠤᠷᠠᠯ ᠪᠠ ᠬᠠᠮᠵᠢᠯᠴᠠᠨ ᠬᠢᠨᠠᠨ ᠬᠠᠮᠢᠶᠠᠷᠬᠤ ᠶᠢ ᠲᠡᠭᠦᠯᠳᠡᠷᠵᠢᠭᠦᠯᠦᠨ᠎ᠡ᠃ ᠨᠢᠭᠡ ᠳᠤ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ︽ᠲᠣᠰ ᠵᠢᠯ ᠤᠨ ᠶᠠᠰᠤ ᠴᠢᠨᠠᠷ ᠢᠲᠡᠭᠡᠮᠵᠢ ᠶᠢᠨ ᠪᠠᠶᠢᠳᠠᠯ ᠢ ᠳ᠋ᠦᠩᠨᠡᠬᠦ︾ ᠪᠠ ︽ᠣᠨ ᠤ ᠬᠢᠨᠠᠨ ᠰᠢᠯᠭᠠᠯᠲᠠ ᠶᠢ ᠭᠤᠶᠤᠴᠢᠯᠠᠬᠤ︾ ᠭᠤᠭᠴᠤᠭ᠎ᠠ ᠶᠢ ᠨᠡᠮᠡᠭᠳᠡᠭᠦᠯᠦᠨ᠎ᠡ᠃ ᠬᠤᠶᠠᠷ ᠲᠤ᠂ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠵᠡᠷᠭᠡ ᠳᠡᠰ ᠨᠢ B ᠲᠠᠰ ᠤᠨ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠳᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号