ᠬᠤᠶᠠᠷ ᠵᠦᠶᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠪᠡ︕ 7 ᠰᠠᠷ᠎ᠠ ᠶᠢᠨ 1 ᠤ ᠡᠳᠦᠷ  ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/6/12
    7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠣᠷᠣᠨ ᠤ ︽ᠴᠠᠭᠠᠨ ᠢᠳᠡᠭᠡᠨ ᠤ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠦᠶᠯᠡᠴᠢᠯᠡᠭᠡᠨ ᠤ ᠵᠢᠷᠤᠮᠵᠢᠯ︾ ︵DB15/T 3423-2024︶ ︽ᠦᠬᠡᠷ ᠬᠤᠨᠢᠨ ᠮᠢᠬᠠᠨ ᠤ ᠪᠦᠲᠦᠭᠡᠭᠳᠡᠬᠦᠨ ᠤ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠦᠶᠯᠡᠴᠢᠯᠡᠭᠡᠨ ᠤ ᠵᠢᠷᠤᠮᠵᠢᠯ︾       ︵DB15/T 3424-2024︶ ᠬᠤᠶᠠᠷ ᠵᠦᠶᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠢᠩᠬᠢᠨᠢ ᠪᠠᠷ ᠬᠡᠷᠡᠭᠵᠢᠭᠦᠯᠵᠦ᠂ ᠬᠤᠶᠠᠷ ᠵᠦᠶᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ ᠠᠴᠠ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠲᠤᠭᠤᠷᠪᠢᠵᠤ᠂ 5 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠵᠥᠪᠰᠢᠶᠡᠷᠡᠯ ᠢᠶᠠᠷ ᠨᠡᠶᠢᠲᠡᠯᠡᠭᠳᠡᠪᠡ᠃     ᠬᠤᠶᠠᠷ ᠵᠦᠶᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠴᠠᠭᠠᠨ ᠢᠳᠡᠭᠡᠨ᠂ ᠦᠬᠡᠷ ᠬᠤᠨᠢᠨ ᠮᠢᠬᠠᠨ ᠤ ᠪᠦᠲᠦᠭᠡᠭᠳᠡᠬᠦᠨ ᠢ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠦᠶᠯᠡᠴᠢᠯᠡᠭᠡᠨ ᠤ ᠲᠥᠬᠦᠭᠡᠷᠦᠮᠵᠢ᠂ ᠠᠵᠢᠯᠲᠠᠨ ᠤ ᠬᠠᠮᠢᠶᠠᠷᠤᠯᠲᠠ᠂ ᠠᠴᠢᠶᠠᠯᠠᠵᠤ ᠪᠠᠭᠤᠯᠭᠠᠬᠤ ᠵᠥᠭᠡᠭᠡᠪᠦᠷᠢᠯᠡᠬᠦ᠂ ᠲᠡᠭᠡᠭᠡᠪᠦᠷᠢᠯᠡᠬᠦ᠂ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠡᠯᠧᠮᠧᠨ᠋ᠲ ᠤᠨ ᠮᠡᠷᠭᠡᠵᠢᠯ ᠤᠨ ᠨᠥᠬᠦᠴᠡᠯ ᠪᠠ ᠵᠠᠩᠭᠢᠯᠠᠭ᠎ᠠ ᠶᠢᠨ ᠪᠣᠯᠵᠣᠯᠲᠤ ᠲᠤᠭ᠎ᠠ ᠳᠤ ᠲᠣᠰ ᠲᠣᠰ ᠪᠣᠳᠠᠲᠠᠶ ᠨᠠᠷᠢᠨ ᠲᠣᠭᠲᠠᠭᠠᠯ ᠭᠠᠷᠭᠠᠪᠠ᠃ ᠡᠭᠦᠨ ᠠᠴᠠ ᠡᠮᠦᠨ᠎ᠡ᠂ ᠮᠠᠨ ᠤ ᠤᠯᠤᠰ ᠤᠨ ᠨᠢᠭᠡᠨᠲᠡ ᠨᠡᠶᠢᠲᠡᠯᠡᠭᠰᠡᠨ ᠡᠯ᠎ᠡ ᠲᠥᠷᠥᠯ ᠤᠨ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠶᠢᠨ ᠤᠯᠤᠰ ᠪᠠ ᠣᠷᠣᠨ ᠨᠤᠲᠤᠭ ᠤᠨ ᠪᠠᠷᠢᠮᠵᠢᠶ᠎ᠠ ᠨᠡᠶᠢᠲᠡ 70 ᠭᠠᠷᠤᠶ ᠵᠦᠶᠯ ᠪᠠᠶᠢᠬᠤ ᠪᠣᠯᠪᠠᠴᠤ ᠴᠠᠭᠠᠨ ᠢᠳᠡᠭᠡᠨ ᠤ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠬᠠᠮᠢᠶ᠎ᠠ ᠪᠥᠬᠦᠶ ᠪᠠᠷᠢᠮᠵᠢᠶ᠎ᠠ ᠬᠠᠷᠠᠬᠠᠨ ᠥᠬᠡᠶ ᠪᠠᠶᠢᠵᠤ᠂ ︽ᠴᠠᠭᠠᠨ ᠢᠳᠡᠭᠡᠨ ᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ  ᠶᠢᠨ ᠦᠶᠯᠡᠴᠢᠯᠡᠭᠡᠨ ᠤ ᠵᠢᠷᠤᠮᠵᠢᠯ︾ ᠢ ᠨᠡᠶᠢᠲᠡᠯᠡᠨ ᠬᠡᠷᠡᠭᠵᠢᠭᠦᠯᠦᠭᠰᠡᠨ ᠨᠢ᠂ ᠬᠠᠮᠢᠶ᠎ᠠ ᠪᠥᠬᠦᠶ ᠵᠢᠷᠤᠮᠵᠢᠯ ᠤᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃      ᠬᠤᠶᠠᠷ ᠵᠦᠶᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠳᠤ᠂ ᠮᠠᠨ ᠤ ᠣᠷᠣᠨ ᠤ ᠤᠯᠤᠰ  ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠠᠵᠤ ᠦᠶᠯᠡᠰ ᠤᠨ ᠣᠨᠴᠠᠯᠢᠭ ᠲᠠᠢ ᠭᠦᠨᠵᠡᠭᠡᠶ ᠤᠶᠠᠯᠳᠤᠭᠤᠯᠵᠤ᠂ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠮᠡᠷᠭᠡᠵᠢᠯ ᠤᠨ ᠱᠠᠭᠠᠷᠳᠠᠯᠭ᠎ᠠ᠂ ᠬᠠᠮᠢᠶᠠᠷᠤᠯᠲᠠ ᠶᠢᠨ ᠱᠠᠭᠠᠷᠳᠠᠯᠭ᠎ᠠ᠂ ᠠᠵᠢᠯᠯᠠᠬᠤ ᠠᠷᠭ᠎ᠠ ᠪᠠ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠷᠢᠮᠵᠢᠶᠠᠵᠢᠭᠤᠯᠤᠭᠰᠠᠨ ᠠᠷᠭ᠎ᠠ ᠪᠠᠷᠢᠯ ᠢ ᠨᠢᠭᠡᠳᠬᠡᠬᠦ ᠪᠠᠷ ᠳᠠᠮᠵᠢᠭᠤᠯᠤᠨ᠂      ︽ᠮᠢᠬᠠᠨ ᠤ ᠵᠦᠶᠯ᠂ ᠴᠠᠭᠠᠨ ᠢᠳᠡᠭᠡᠨ︾ ᠤ ᠦᠶᠯᠡᠴᠢᠯᠡᠬᠦ ᠡᠲᠡᠭᠡᠳ ᠤᠨ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠷᠤᠮᠯᠠᠬᠤ ᠲᠦᠷᠢᠮ ᠲᠠᠢ ᠪᠠᠶᠢᠯᠭᠠᠬᠤ ᠶᠢ ᠪᠠᠲᠤᠯᠠᠵᠤ᠂ ᠮᠠᠨ ᠤ ᠣᠷᠣᠨ ᠤ ᠴᠠᠭᠠᠨ ᠢᠳᠡᠭᠡᠨ᠂ ᠦᠬᠡᠷ ᠬᠤᠨᠢᠨ ᠮᠢᠬᠠᠨ ᠤ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠠᠵᠢᠯ ᠤᠨ ᠠᠮᠤᠷ ᠲᠦᠪᠰᠢᠨ  ᠢ ᠳᠡᠭᠡᠭᠰᠢᠯᠡᠭᠦᠯᠬᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号