︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠠᠷᠪᠠᠨ ᠵᠢᠯ ᠤᠨ ᠣᠢ — ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ — ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ
ᠨᠡᠶᠢᠲᠡᠯᠡᠭᠰᠡᠨ ᠴᠠᠭ᠄
2024/6/17
    ᠬᠠᠷᠠᠴᠢᠨ ᠬᠤᠰᠢᠭᠤ ᠪᠣᠯ ᠪᠥᠬᠦ ᠤᠯᠤᠰ ᠤᠨ ᠨᠢᠭᠡᠳᠦᠭᠡᠷ ᠪᠦᠯᠦᠭ ᠪᠣᠯᠬᠤ ᠪᠥᠭᠡᠳ ᠤᠯᠠᠭᠠᠨᠬᠠᠳᠠ ᠬᠤᠲᠠ ᠶᠢᠨ ᠠᠩᠬᠠᠳᠠᠭᠴᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠪᠣᠯᠤᠨ᠎ᠠ᠃    2023 ᠣᠨ ᠤ 10 ᠳ᠋ᠤᠭᠠᠷ ᠰᠠᠷ᠎ᠠ ᠶᠢᠨ 2᠎ ᠤᠨ ᠡᠳᠦᠷ᠂ ᠬᠠᠷᠠᠴᠢᠨ ᠬᠤᠰᠢᠭᠤᠨ ᠤ ᠮᠡᠶᠢᠷᠡᠨ ᠪᠠᠯᠭᠠᠰᠤᠨ ᠤ ᠪᠠᠭ᠎ᠠ ᠮᠡᠶᠢᠷᠡᠨ ᠲᠣᠰᠬᠤᠨ ᠤ ᠮᠧᠩ ᠵᠢᠶᠠ ᠳ᠋ᠢᠶᠠᠨ ᠠᠴᠠ ᠾᠧᠪᠸᠢ ᠮᠤᠵᠢ ᠶᠢᠨ ᠸᠧᠢ ᠴᠠᠩ ᠰᠢᠶᠠᠨ ᠤ ᠯᠠᠨ ᠴᠢ ᠺᠠ ᠯᠦᠨ ᠲᠣᠰᠬᠤᠨ ᠤ ᠶᠢᠨ ᠱᠠᠨ ᠲᠠᠩ ᠥᠪᠥᠷ ᠮᠣᠩᠭᠤᠯ ᠾᠧᠪᠧᠶ ᠶᠢᠨ ᠵᠠᠭᠠᠭ ᠤᠨ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠂ ᠡᠨᠡ ᠨᠢ ᠬᠠᠷᠠᠴᠢᠨ᠂ ᠸᠧᠢ ᠴᠠᠩ᠂ ᠰᠠᠶᠢᠬᠠᠨᠳᠠᠪᠠᠭ᠎ᠠ᠂ ᠤᠯᠠᠭᠠᠨᠪᠤᠲᠤᠩ ᠵᠡᠷᠭᠡ ᠭᠠᠵᠠᠷ ᠢ ᠬᠤᠯᠪᠤᠭᠰᠠᠨ ᠬᠢᠯᠢ ᠳᠠᠭᠠᠤ ᠶᠢᠨ ᠨᠡᠭᠡᠭᠡᠯᠳᠡᠲᠦ ᠵᠢᠭᠤᠯᠴᠢᠯᠠᠯ ᠤᠨ ᠶᠡᠭᠡ ᠲᠣᠭᠤᠷᠢᠯ ᠵᠠᠮ ᠵᠢᠩᠬᠢᠨᠢ ᠪᠠᠷ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃    ᠣᠶᠢᠷ᠎ᠠ ᠶᠢᠨ ᠵᠢᠯ ᠤᠳ ᠲᠤ᠂ ᠬᠠᠷᠠᠴᠢᠨ ᠬᠤᠰᠢᠭᠤ ︽ᠵᠠᠰᠠᠮᠠᠯ ᠵᠠᠮ +︾ ᠵᠠᠭᠪᠤᠷ ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠶ ᠶᠢ ᠬᠠᠮᠠᠭᠠᠯᠠᠬᠤ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ︽ᠱᠤᠭᠤᠮ︾ ᠪᠠᠶᠢᠭᠰᠠᠨ ᠠᠴᠠ ︽ᠲᠣᠤᠷ︾ ᠪᠣᠯᠭᠠᠵᠤ᠂ ︽ᠨᠡᠪᠲᠡᠷᠡᠵᠦ︾ ᠪᠠᠶᠢᠭᠰᠠᠨ ᠠᠴᠠ ︽ᠰᠠᠶᠢᠨ︾ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠬᠥᠲᠥᠯᠦᠨ ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠠ ᠪᠠᠲᠤᠯᠠᠭ᠎ᠠ ᠪᠣᠯᠤᠭᠰᠠᠨ ᠪᠠᠶᠢᠨ᠎ᠠ᠃ ᠣᠳᠣᠬᠠᠨ ᠳᠤ᠂ ᠪᠥᠬᠦ ᠬᠤᠰᠢᠭᠤ ᠨᠢᠭᠡᠨᠲᠡ ᠮᠠᠶᠢᠷᠠᠨ ᠠᠴᠠ ᠶᠢᠨ ᠱᠠᠨ ᠲᠠᠩ ᠬᠦᠷᠬᠦ ᠱᠤᠭᠤᠮ᠂ ᠭᠦᠩ ᠮᠠ ᠱᠤᠭᠤᠮ᠂ ᠨᠢᠦ ᠳ᠋ᠠ ᠱᠤᠭᠤᠮ᠂ ᠵᠢᠨᠱᠠᠨ ᠠᠴᠠ ᠨᠠᠨ ᠲᠠᠶᠢᠽᠢ ᠬᠦᠷᠬᠦ ᠱᠤᠭᠤᠮ᠂ ᠰᠢᠶᠣᠣ ᠳ᠋ᠠ ᠱᠤᠭᠤᠮ᠂ ᠤᠯᠠᠭᠠᠨᠬᠠᠳᠠ ᠠᠴᠠ ᠠᠨ ᠳ᠋ᠠᠨ ᠭᠧᠦ ᠬᠦᠷᠬᠦ ᠱᠤᠭᠤᠮ ᠵᠡᠷᠭᠡ 6 ᠵᠤᠷᠪᠤᠰ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠵᠠᠮ ᠢ ᠠᠮᠵᠢᠯᠲᠠᠲᠠᠶ ᠪᠠᠶᠢᠭᠤᠯᠵᠤ᠂ ᠨᠡᠶᠢᠲᠡ 333.798 ᠺᠢᠯᠦᠮᠧᠲᠷ ᠪᠠᠶᠢᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠬᠦ ᠤᠷᠲᠤ ᠶᠢᠨ 33.1%᠎ ᠶᠢ ᠡᠵᠡᠯᠡᠪᠡ᠃ 2023 ᠣᠨ ᠤ ᠡᠴᠦᠰ ᠪᠣᠯᠲᠠᠯ᠎ᠠ᠂ ᠬᠠᠷᠠᠴᠢᠨ ᠬᠤᠰᠢᠭᠤᠨ ᠤ ᠬᠢᠨ ᠬᠥᠳᠡᠭᠡ ᠲᠣᠰᠬᠤᠨ ᠤ ᠵᠠᠰᠠᠮᠠᠯ ᠵᠠᠮ ᠢ 798 ᠺᠢᠯᠦᠮᠧᠲᠷ ᠲᠡᠰ ᠳᠡᠪᠰᠢᠭᠦᠯᠵᠦ᠂ ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠰᠡᠨ ᠬᠠᠷᠢᠴᠠᠯ 100%᠎ ᠳᠤ ᠬᠦᠷᠴᠦ᠂ 1005 ᠠᠶᠢᠯ ᠲᠣᠰᠬᠤᠨ ︵ᠳᠤᠭᠤᠶᠢᠯᠠᠩ︶᠎ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠰᠡᠨ ᠬᠠᠷᠢᠴᠠᠯ 100%᠎ ᠳᠤ ᠬᠦᠷᠴᠦ᠂ ︽ᠲᠣᠰᠬᠤᠨ ᠪᠣᠯᠭᠠᠨ ᠳᠤ ᠨᠡᠪᠲᠡᠷᠡᠭᠦᠯᠬᠦ︾᠂ ︽ᠳᠤᠭᠤᠶᠢᠯᠠᠩ ᠪᠣᠯᠭᠠᠨ ᠳᠤ ᠨᠡᠪᠲᠡᠷᠡᠭᠦᠯᠬᠦ︾᠂ ︽ᠡᠷᠦᠬᠡ ᠪᠣᠯᠭᠠᠨ ᠳᠤ ᠨᠡᠪᠲᠡᠷᠡᠭᠦᠯᠬᠦ︾᠎ ᠶᠢ ᠪᠡᠶᠡᠯᠡᠭᠦᠯᠪᠡ᠃    ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠬᠠᠷᠠᠴᠢᠨ ᠬᠤᠰᠢᠭᠤᠨ ᠤ ᠬᠢᠨ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠤᠨ 4 ᠲᠥᠷᠥᠯ ᠵᠦᠢᠯ ᠢ ᠲᠥᠯᠥᠪᠵᠢᠭᠦᠯᠵᠦ᠂᠎ ᠶᠢᠨ ᠵᠢᠶᠠ ᠳ᠋ᠢᠶᠠᠨ ᠠᠴᠠ ᠱᠠᠨ ᠷᠦᠩ ᠠᠶᠢᠮᠠᠭ ᠬᠦᠷᠬᠦ ᠵᠢᠭᠤᠯᠴᠢᠯᠠᠯ ᠤᠨ ᠵᠠᠰᠠᠮᠠᠯ ᠵᠠᠮ᠂ ᠭᠦᠩ ᠵᠢᠶᠠ ᠶᠢᠩᠽᠢ ᠠᠴᠠ ᠵᠧᠩ ᠵᠢᠶᠠ ᠸᠧ ᠫᠦ᠋ ᠬᠦᠷᠬᠦ ᠵᠢᠭᠤᠯᠴᠢᠯᠠᠯ ᠤᠨ ᠵᠠᠰᠠᠮᠠᠯ ᠵᠠᠮ᠂ ᠵᠢᠨᠱᠠᠨ ᠠᠴᠠ ᠨᠠᠨ ᠲᠠᠶᠢᠽᠢ ᠬᠦᠷᠬᠦ ᠵᠠᠰᠠᠮᠠᠯ ᠵᠠᠮ᠂ ᠸᠠᠩ ᠶᠧ ᠳ᠋ᠢᠶᠠᠨ ᠠᠴᠠ ᠠᠨ ᠳ᠋ᠠᠨ ᠭᠧᠤ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠯᠦᠩ ᠲᠧᠦ ᠵᠣᠸᠠᠩ ᠠᠴᠠ ᠠᠨ ᠳ᠋ᠠᠨ ᠭᠧᠤ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠪᠣᠯᠤᠨ᠎ᠠ᠃ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ 60.3 ᠺᠢᠯᠦᠮᠧᠲᠷ ᠪᠠᠶᠢᠵᠤ᠂ 4.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠢᠱᠢᠵᠦ᠂ ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠤ ᠵᠠᠮ᠂ ᠰᠢᠶᠠᠩ ᠤᠨ ᠵᠠᠮ᠂ ᠲᠣᠰᠬᠤᠨ ᠤ ᠵᠠᠮ ᠎ ᠤᠨ ᠥᠨᠳᠥᠷ ᠪᠦᠲᠦᠮᠵᠢᠲᠡᠶ ᠪᠠᠷ ᠬᠤᠯᠪᠤᠯᠳᠤᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃
W020240617546963125107.jpg
W020240617546963166722.jpg
W020240617546963191407.jpg
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号