ᠪᠥᠬᠦ ᠣᠷᠣᠨ ᠤ ︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ︾ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/6/18
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ  ᠶᠢᠨ ᠲᠥᠪ ᠠᠴᠠ ᠪᠥᠬᠦ ᠣᠷᠣᠨ ᠤ ︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ︾ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᡁᠢ ᠴᠢᠤᠸᠠᠨ ᠶᠠᠷᠢᠶ᠎ᠠ ᠲᠠᠯᠪᠢᠵᠠᠶ᠃
全区《公路养护技术标准》培训班举办.jpg
    ᠵᠠᠩ ᡁᠢ ᠴᠢᠤᠸᠠᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠣᠯᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠬᠤ︔ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠬᠤᠯᠠ ᠥᠭᠦᠯᠡᠯᠲᠡ ᠶᠢᠨ ᠴᠢᠬᠤᠯᠠ ᠶᠡᠭᠡ ᠣᠨᠣᠯ ᠪᠠ ᠦᠶᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠬᠤ︔ ᠠᠷᠪᠠᠨ ᠵᠢᠯ ᠤᠨ ᠬᠥᠭᠵᠢᠯᠲᠡ ᠳᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠨᠢ ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ᠂ ᠰᠡᠳᠬᠢᠯ ᠵᠢᠷᠦᠬᠡ ᠪᠠᠨ ᠬᠤᠯᠪᠣᠬᠤ ᠵᠠᠮ᠂ ᠬᠥᠭᠵᠢᠯ ᠮᠠᠨᠳᠤᠯ ᠤᠨ ᠵᠠᠮ ᠢ ᠶᠠᠪᠤᠬᠤ ᠲᠤᠳᠤᠮ ᠦᠷᠭᠡᠨ ᠪᠣᠯᠭᠠᠬᠤ︔ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠦᠶᠯᠡᠴᠢᠯᠡᠬᠦ ᠳᠤ ᠬᠦᠴᠦᠲᠡᠶ ᠪᠥᠭᠡᠳ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠵᠡᠷᠭᠡ ᠳᠥᠷᠪᠡᠨ ᠲᠠᠯ᠎ᠠ ᠪᠠᠷ ᠶᠡᠷᠦᠩᠬᠡᠶ ᠱᠦᠵᠢ ᠰᠢ ᠶᠢᠨ ᠫᠢᠩ ᠤᠨ         ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠮᠠᠨ ᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠴᠢᠬᠤᠯᠠ ᠥᠭᠦᠯᠡᠯᠲᠡ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠤᠳᠤᠯᠤᠨ ᠶᠠᠷᠢᠯᠴᠠᠪᠠ᠃     ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤᠮᠳᠠᠳᠤ ᠤᠯᠤᠰ ᠤᠨ ᠵᠠᠰᠠᠮᠠᠯ ᠵᠠᠮ ᠤᠨ ᠢᠨᠵᠧᠨᠧᠷᠢᠩ ᠤᠨ ᠵᠥᠪᠯᠡᠯᠭᠡ ᠥᠭᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠵᠢᠩᠬᠢᠨᠢ ᠳᠡᠭᠡᠳᠦ ᠵᠡᠷᠭᠡ ᠶᠢᠨ ᠢᠨᠵᠧᠨᠧᠷ᠂ ᠲᠧᠭᠨᠢᠭ  ᠤᠨ ᠤᠬᠠᠭᠠᠨ ᠤ ᠳ᠋ᠣᠺᠲ᠋ᠣᠷ ᠾᠧᠦ ᠶᠦᠨ᠂ ᠵᠦᠩ ᠽᠢ ᠲᠤᠭ᠎ᠠ ᠪᠠᠷᠢᠮᠲᠠ ᠶᠢᠨ ᠬᠢᠵᠠᠭᠠᠷᠲᠤ ᠺᠣᠮᠫᠠᠨᠢ ᠶᠢᠨ ᠵᠢᠩᠬᠢᠨᠢ ᠳᠡᠭᠡᠳᠦ ᠵᠡᠷᠭᠡ ᠶᠢᠨ ᠢᠨᠵᠧᠨᠧᠷ᠂ ᠳ᠋ᠣᠺᠲ᠋ᠣᠷ ᠳ᠋ᠦᠩ ᠶᠤᠸᠠᠨ ᠱᠤᠸᠠᠢ ᠰᠢᠨ᠎ᠡ ᠬᠡᠪᠯᠡᠯ ᠤᠨ ︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ︾ ᠶᠢᠨ ᠶᠡᠷᠦᠩᠬᠡᠶ ᠳᠦᠷᠢᠮ ᠪᠠ ᠦᠨᠳᠦᠰᠦᠨ ᠲᠣᠭᠲᠠᠭᠠᠯ ᠤᠨ ᠲᠣᠭᠤᠷᠢᠨ ᠳᠤ᠂ ᠪᠠᠶᠢᠴᠠᠭᠠᠬᠤ ᠵᠢᠴᠢ ᠦᠨᠡᠯᠡᠨ ᠲᠣᠭᠲᠠᠭᠠᠬᠤ᠂ ᠰᠢᠶᠳᠪᠦᠷᠢᠲᠦ ᠪᠣᠳᠣᠯᠭ᠎ᠠ ᠪᠠ ᠵᠢᠷᠤᠭ ᠲᠥᠯᠥᠪᠯᠡᠭᠡ᠂ ᠠᠷᠠᠴᠢᠯᠠᠨ ᠬᠠᠮᠠᠭᠠᠯᠠᠬᠤ ᠠᠵᠢᠯ᠂ ᠶᠠᠰᠤ ᠴᠢᠨᠠᠷ ᠤᠨ ᠡᠵᠡᠮᠳᠡᠯ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠠᠭᠤᠯᠭ᠎ᠠ ᠳᠤ ᠨᠠᠷᠢᠨ ᠲᠠᠶᠢᠯᠤᠮᠵᠢ ᠬᠢᠵᠡᠢ᠂ ᠲᠤᠬᠠᠶ ᠶᠢᠨ  ᠲᠠᠯᠠᠪᠠᠢ ᠶᠢᠨ ᠬᠢᠴᠢᠶᠡᠯ ᠤᠨ PPT᠂ ᠵᠢᠱᠢᠶ᠎ᠡ ᠲᠠᠲᠠᠵᠤ ᠲᠣᠳᠣᠷᠬᠠᠶᠢᠯᠠᠬᠤ ᠪᠠ ᠠᠰᠠᠭᠤᠯᠲᠠ ᠬᠠᠷᠢᠭᠤᠯᠲᠠ ᠶᠢ ᠰᠣᠯᠢᠯᠴᠠᠬᠤ ᠵᠡᠷᠭᠡ ᠣᠯᠠᠨ ᠵᠦᠶᠯ ᠤᠨ ᠬᠠᠷᠢᠯᠴᠠᠨ ᠦᠶᠯᠡᠳᠦᠯᠴᠡᠬᠦ ᠠᠷᠭ᠎ᠠ ᠮᠠᠶ᠋ᠢᠭ ᠢᠶᠠᠷ ᠣᠯᠠᠨ ᠤ ᠮᠠᠲᠠᠭ ᠢ ᠳᠡᠶᠢᠯᠵᠦ᠂ ᠣᠯᠠᠨ ᠳᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠣᠷᠣᠭᠰᠠᠨ ᠢᠶᠠᠨ ᠦᠨᠡᠨ ᠬᠦ ᠬᠡᠷᠡᠭᠯᠡᠬᠦ ᠵᠣᠷᠢᠯᠭ᠎ᠠ ᠳᠤ ᠬᠦᠷᠪᠡ᠃      ᠪᠦᠷᠢᠳᠬᠡᠯ ᠢ ᠦᠨᠳᠦᠰᠦᠯᠡᠪᠡᠯ᠂ 2023 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠵᠠᠰᠠᠮᠠᠯ ᠵᠠᠮ ᠤᠨ ᠪᠥᠬᠦ ᠣᠷᠳᠣ 21.9 ᠲᠦᠮᠡᠨ ᠺᠢᠯᠣᠮᠧᠲᠷ ᠲᠤ ᠬᠦᠷᠴᠦ᠂ ᠵᠠᠰᠠᠮᠠᠯ ᠵᠠᠮ ᠤᠨ MQI ᠶᠢᠨ ᠰᠢᠯᠢᠳᠡᠭ ᠰᠠᠶᠢᠨ ᠨᠣᠷᠮ᠎ᠠ 86.41% ᠳᠤ ᠬᠦᠷᠴᠡᠶ︔ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠨᠢᠭᠡᠳᠦᠭᠡᠷ ᠬᠤᠶᠠᠳᠤᠭᠠᠷ ᠲᠥᠷᠥᠯ ᠤᠨ ᠬᠥᠭᠦᠷᠭᠡ ᠶᠢᠨ ᠡᠵᠡᠯᠡᠬᠦ ᠬᠠᠷᠢᠴᠠᠯ 96.55% ᠳᠤ ᠬᠥᠷᠪᠡ᠃ ᠪᠦᠬᠦ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠪᠠᠶᠢᠳᠠᠯ ᠪᠦᠬᠦᠯᠢ ᠴᠣᠭᠴᠠ ᠪᠠᠷ ᠢᠶᠠᠨ ᠰᠠᠶᠢᠨ ᠪᠠᠶᠢᠵᠤ᠂ ᠵᠠᠰᠠᠮᠠᠯ ᠵᠠᠮ ᠤᠨ ᠠᠵᠢᠯᠯᠠᠭᠠᠨ ᠤ ᠪᠠᠶᠢᠳᠠᠯ ᠠᠮᠤᠷ ᠲᠦᠪᠰᠢᠨ ᠰᠠᠭᠠᠳ ᠦᠭᠡᠶ ᠨᠡᠪᠲᠡᠷᠡᠵᠦ᠂ ᠮᠠᠨ ᠤ ᠣᠷᠣᠨ ᠤ ᠠᠵᠤ ᠠᠬᠤᠶ ᠨᠡᠶᠢᠭᠡᠮ  ᠤᠨ ᠲᠣᠭᠲᠠᠭᠤᠨ ᠢᠶᠠᠷ ᠠᠵᠢᠯᠯᠠᠬᠤ ᠳᠤ ᠬᠦᠴᠦᠲᠡᠶ ᠪᠠᠲᠤᠯᠠᠭ᠎ᠠ ᠬᠠᠩᠭᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号