ᠰᠢ ᠶᠢᠨ ᠫᠢᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠴᠢᠬᠤᠯᠠ ᠵᠢᠭᠠᠪᠤᠷᠢ ᠥᠭᠴᠦ ᠱᠠᠭᠠᠷᠳᠠᠬᠰᠠᠨ ᠨᠢ ᠭᠠᠮᠰᠢᠭ ᠤᠨ ᠪᠠᠶᠢᠳᠠᠯ ᠢ ᠪᠦᠬᠦ ᠬᠦᠴᠦ ᠪᠠᠷ ᠢᠶᠠᠨ ᠠᠷᠭᠠᠴᠠᠭᠠᠵᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2024/6/19
    ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 18 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠴᠢᠬᠤᠯᠠ ᠵᠢᠭᠠᠪᠤᠷᠢ ᠥᠭᠴᠡᠶ᠃     ᠰᠢ ᠶᠢᠨ ᠫᠢᠩ᠂ ᠤᠢᠢᠷ᠎ᠠ ᠶᠢᠨ ᠬᠤᠭᠤᠴᠠᠭᠠᠨ ᠳᠤ᠂ ᠡᠮᠦᠨᠡᠲᠦ ᠣᠷᠣᠨ ᠤ ᠤᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠯᠠᠵᠦ᠂ ᠭᠤᠸᠠᠩᠳᠦ᠋ᠩ᠂ ᠹᠦᠵᠢᠶᠠᠨ ᠵᠡᠷᠭᠡ ᠭᠠᠵᠠᠷ ᠲᠤ ᠦᠶᠡᠷ ᠤᠰᠤᠲᠤᠯ ᠪᠠ ᠭᠠᠵᠠᠷ ᠤᠨ ᠭᠠᠮᠰᠢᠭ ᠡᠭᠦᠰᠴᠦ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠦᠷᠦᠩᠭᠡ ᠰᠦᠢᠳᠦᠨ ᠬᠤᠬᠢᠷᠠᠵᠤ᠂ ᠤᠮᠠᠷᠠᠲᠤ ᠣᠷᠣᠨ ᠤ ᠬᠡᠰᠡᠭ ᠭᠠᠵᠠᠷ ᠣᠷᠣᠨ ᠤ ᠭᠠᠩ ᠬᠠᠭᠰᠠᠷᠠᠭᠠᠨ ᠤ ᠪᠠᠶᠢᠳᠠᠯ ᠰᠢᠷᠦᠬᠦᠰᠴᠦ᠂ ᠡᠮᠦᠨᠡᠲᠦ ᠣᠷᠣᠨ ᠤᠰᠤᠲᠤᠵᠤ ᠤᠮᠠᠷᠠᠲᠤ ᠣᠷᠣᠨ ᠭᠠᠩᠳᠠᠬᠰᠠᠨ ᠣᠨᠴᠠᠯᠢᠭ ᠢᠯᠡᠷᠬᠡᠢ ᠪᠣᠯᠵᠠᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠭᠠᠮᠰᠢᠭ ᠤᠨ ᠪᠠᠶᠢᠳᠠᠯ ᠢ ᠪᠦᠬᠦ ᠬᠦᠴᠦ ᠪᠠᠷ ᠢᠶᠠᠨ ᠠᠷᠭᠠᠴᠠᠭᠠᠵᠤ᠂ ᠠᠷᠭ᠎ᠠ ᠪᠦᠬᠦᠨ ᠢ ᠰᠦᠪᠡᠭᠴᠢᠯᠡᠨ ᠬᠠᠷᠢᠯᠴᠠᠭ᠎ᠠ ᠲᠠᠰᠤᠷᠠᠭᠰᠠᠨ ᠬᠥᠮᠦᠰ ᠢ ᠡᠷᠢᠨ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃    ᠰᠢ ᠶᠢᠨ ᠫᠢᠩ᠂ ᠮᠠᠨ ᠤ ᠤᠯᠤᠰ ᠪᠥᠬᠦ ᠲᠠᠯ᠎ᠠ ᠪᠠᠷ ᠦᠶᠡᠷ ᠤᠨ ᠴᠢᠬᠤᠯᠠ ᠬᠤᠭᠤᠴᠠᠭᠠᠨ ᠳᠤ ᠣᠷᠣᠬᠤ ᠶᠢ ᠳᠠᠭᠠᠯᠳᠤᠨ᠂ ᠦᠶᠡᠷ ᠢ ᠰᠡᠷᠭᠡᠶᠢᠯᠡᠬᠦ ᠪᠠᠶᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠣᠯᠵᠣ ᠪᠠᠶᠢᠨ᠎ᠠ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠭᠢᠬᠦᠶ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠲᠤᠨᠤᠭᠯᠠᠯ ᠡᠳ᠋ ᠪᠣᠳᠠᠰ ᠢ ᠭᠦᠢᠴᠡᠳ ᠪᠡᠯᠡᠳᠭᠡᠵᠦ᠂ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠢ ᠠᠷᠭᠠᠴᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号