| | 6 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠳᠠᠭᠠᠭᠠᠴᠢᠯᠠᠨ ᠡᠷᠭᠢᠯᠡᠭᠰᠡᠨ 2024 ᠣᠨ ᠤ ︽ᠠᠮᠤᠷ ᠲᠦᠪᠰᠢᠨ ᠤ ᠤᠬᠠᠭᠤᠯᠭ᠎ᠠ ᠶᠢᠨ ᠠᠰᠠᠭᠤᠨ | ᠯᠠᠪᠯᠠᠬᠤ ᠡᠳᠦᠷ︾ ᠤᠨ ᠠᠵᠢᠯᠯᠠᠭ᠎ᠠ G6 ᠪᠡᠭᠡᠵᠢᠩ ᠠᠴᠠ ᠲᠥᠪᠡᠳ ᠬᠥᠷᠬᠦ ᠳᠡᠭᠡᠳᠤ ᠬᠤᠷᠳᠤ ᠶᠢᠨ ᠵᠠᠰᠠᠮᠠᠯ ᠵᠠᠮ | ᠤᠨ ᠬᠠᠷᠬᠤᠰᠤ ᠨᠠᠭᠤᠷ ᠤᠨ ᠦᠶᠯᠡᠴᠢᠯᠡᠭᠡᠨ ᠤ ᠲᠣᠭᠤᠷᠢᠭ ᠲᠤ ᠶᠠᠪᠤᠭᠳᠠᠪᠠ᠃ | | ᠲᠣᠰ ᠤᠳᠠᠭᠠᠨ ᠤ ᠠᠵᠢᠯᠯᠠᠭ᠎ᠠ ᠨᠢ ᠡᠨᠡ ᠵᠢᠯ ᠤᠨ ᠠᠶᠦᠯᠭᠦᠢ ᠦᠶᠯᠡᠳᠪᠦᠷᠢᠯᠡᠯ ᠤᠨ ᠰᠠᠷ᠎ᠠ ᠶᠢᠨ ︽ᠬᠥᠮᠦᠨ | ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠥᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ — | ᠰᠠᠭᠠᠳ ᠥᠬᠡᠶ ᠨᠡᠪᠲᠡᠷᠡᠬᠦ ᠵᠠᠮ︾ ᠤᠨ ᠭᠤᠤᠯ ᠰᠡᠳᠦᠪ ᠤᠨ ᠲᠣᠭᠤᠷᠢᠨ ᠳᠤ᠂ ᠵᠢᠯᠣᠭᠤᠴᠢ ᠪᠠ ᠠᠶᠠᠨᠴᠢᠳ ᠲᠤ | ᠠᠶᠦᠯᠭᠦᠢ ᠦᠶᠯᠡᠳᠪᠦᠷᠢᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠤᠷ ᠲᠦᠪᠰᠢᠨ ᠤ ᠬᠡᠷᠡᠭ ᠤᠨ | ᠵᠢᠱᠢᠶ᠎ᠡ ᠶᠢ ᠲᠠᠶᠢᠯᠪᠤᠷᠢᠯᠠᠨ᠂ ᠭᠠᠯ ᠰᠡᠷᠭᠡᠶᠢᠯᠡᠯᠲᠡ ᠶᠢᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ︽ᠤᠷᠤᠶᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ | ᠤᠨ ᠪᠠᠭᠠᠵᠢ ᠬᠡᠷᠡᠭᠰᠡᠯ ᠢ ᠳᠡᠯᠭᠡᠨ ᠦᠵᠡᠭᠦᠯᠬᠦ ᠵᠢᠴᠢ ᠠᠮᠤᠷ ᠲᠦᠪᠰᠢᠨ ᠤ ᠬᠠᠷᠢᠯᠴᠠᠨ ᠦᠶᠯᠡᠳᠦᠯᠴᠡᠬᠦ ᠲᠣᠭᠯᠠᠭᠠᠮ | ᠵᠡᠷᠭᠡ ᠠᠵᠢᠯᠯᠠᠭ᠎ᠠ ᠶᠢ ᠥᠷᠨᠢᠭᠦᠯᠵᠦ᠂ ᠵᠢᠯᠣᠭᠤᠴᠢ ᠪᠠ ᠠᠶᠠᠨᠴᠢᠳ ᠢ ᠤᠬᠠᠭᠤᠯᠤᠨ ᠬᠥᠲᠥᠯᠦᠨ ᠵᠢᠯᠣᠭᠤᠳᠬᠤ ᠪᠠᠷ | ᠳᠠᠮᠵᠢᠭᠤᠯᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠬᠡᠪ ᠴᠢᠨᠠᠷ ᠢ | ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠢᠶᠠᠨ ᠠᠮᠤᠷ ᠲᠦᠪᠰᠢᠨ ᠢ ᠠᠩᠬᠠᠷᠬᠤ᠂ ᠠᠮᠢ ᠨᠠᠰᠤ ᠶᠢ ᠬᠠᠯᠠᠮᠵᠢᠯᠠᠨ | ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | | | | | | | |