1000 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/6/20
 202406201645.jpg  
      6 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠴᠡᠭᠡ ᠪᠣᠭᠤᠮᠲᠠ 137 ᠡᠳᠦᠷ ᠪᠦᠲᠦᠮᠵᠢᠲᠡᠶ ᠪᠣᠭᠤᠮᠲᠠ  ᠪᠠᠷ ᠦᠩᠭᠡᠷᠡᠵᠦ᠂ ᠣᠯᠠᠨ ᠤᠯᠤᠰ ᠤᠨ ᠵᠠᠮ  ᠬᠠᠷᠢᠴᠠᠭ᠎ᠠ ᠲᠡᠭᠡᠭᠡᠪᠦᠷᠢ ᠶᠢᠨ ᠬᠡᠮᠵᠢᠶ᠎ᠡ 1039.1 ᠲᠦᠮᠡᠨ ᠲᠣᠨ  ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 65.95% ᠪᠠᠷ ᠨᠡᠮᠡᠭᠳᠡᠪᠡ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠯᠬᠤᠴᠠ ᠡᠳᠦᠷ ᠢᠷᠡᠬᠦᠶ᠎ᠡ ᠲᠦᠷᠭᠡᠰᠴᠦ᠂ ︽ᠨᠢᠭᠡ ᠪᠦᠰᠡ ᠨᠢᠭᠡ ᠵᠠᠮ︾ ᠤᠨ ᠭᠦᠨᠵᠡᠭᠡᠢ ᠲᠦᠯᠬᠢᠨ ᠠᠬᠢᠭᠤᠯᠬᠤ ᠶᠢ ᠳᠠᠭᠠᠯᠳᠤᠨ᠂ ᠴᠡᠭᠡ ᠪᠣᠭᠤᠮᠲᠠ ᠶᠢᠨ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠥᠬᠡᠶ ᠲᠠᠰ ᠳᠡᠪᠰᠢᠵᠦ᠂ ᠪᠣᠭᠤᠮᠲᠠ ᠪᠠᠷ ᠥᠩᠭᠡᠷᠡᠬᠦ ᠴᠤᠪᠤᠷᠠᠯ ᠲᠠᠰᠤᠷᠠᠯᠲᠠ ᠥᠬᠡᠶ ᠰᠢᠯᠢᠳᠡᠭᠵᠢᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠪᠠᠷ ᠬᠠᠮᠤᠭ ᠤᠨ ᠲᠦᠷᠭᠡᠨ ᠵᠠᠰᠠᠮᠠᠯ ᠵᠠᠮ ᠤᠨ ᠪᠣᠭᠤᠮᠲᠠ ᠶᠢᠨ ᠨᠢᠭᠡ ᠪᠣᠯᠵᠠᠶ᠃
202406201646.jpg
     ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠣᠳᠣᠬᠠᠨ ᠪᠣᠯᠲᠠᠯ᠎ᠠ᠂ ᠲᠣᠰ ᠪᠣᠭᠤᠮᠲᠠ ᠶᠢᠨ ᠣᠯᠠᠨ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ 16 ᠲᠦᠮᠡ ᠭᠠᠷᠤᠶ ᠤᠳᠠᠭ᠎ᠠ ᠨᠡᠪᠲᠡᠷᠡᠵᠦ᠂ ᠨᠢᠭᠡ ᠡᠳᠦᠷ ᠤᠨ ᠨᠡᠪᠲᠡᠷᠡᠬᠦ ᠲᠡᠷᠭᠡ ᠶᠢᠨ ᠲᠤᠭ᠎ᠠ 1500 ᠤᠳᠠᠭ᠎ᠠ ᠬᠦᠷᠴᠦ᠂ ᠨᠡᠶᠢᠲᠡ 3689 ᠬᠤᠪᠢ ᠲᠡᠷᠭᠡ ᠶᠠᠪᠤᠬᠤ ᠵᠥᠪᠰᠢᠶᠡᠷᠡᠯ ᠤᠨ ᠦᠨᠡᠮᠯᠡᠯ ᠳᠠᠩᠰᠠᠯᠠᠭᠤᠯᠵᠤ ᠭᠠᠷ ᠤᠨ ᠥᠰᠥᠭ ᠵᠢᠷᠤᠵᠤ᠂ ᠳᠤᠮᠳᠠᠳᠤ ᠣᠯᠣᠰ ᠤᠨ ᠲᠠᠯ᠎ᠠ ᠶᠢᠨ ᠲᠡᠭᠡᠭᠡᠪᠦᠷᠢ ᠶᠢᠨ ᠲᠡᠷᠭᠡ ᠳᠤ 28 ᠬᠤᠪᠢ ᠲᠡᠷᠭᠡ ᠶᠠᠪᠤᠬᠤ ᠵᠥᠪᠰᠢᠶᠡᠷᠡᠯ ᠤᠨ ᠦᠨᠡᠮᠯᠡᠯ ᠣᠯᠭᠤᠵᠤ᠂ ᠳᠤᠮᠳᠠᠳᠤ ᠣᠯᠣᠰ ᠤᠨ ᠲᠠᠯ᠎ᠠ ᠶᠢᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠳᠤ 440 ᠬᠤᠪᠢ ᠲᠡᠷᠭᠡ ᠶᠠᠪᠤᠬᠤ ᠵᠥᠪᠰᠢᠶᠡᠷᠡᠯ ᠤᠨ ᠦᠨᠡᠮᠯᠡᠯ ᠣᠯᠭᠤᠵᠤ᠂ ᠣᠯᠠᠨ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠶᠢ 4201 ᠪᠠᠶᠢᠴᠠᠭᠠᠨ ᠰᠢᠯᠭᠠᠵᠠᠶ᠃      ᠴᠡᠭᠡ ᠪᠣᠭᠤᠮᠲᠠ ᠨᠢ ︽ᠠᠷᠪᠠ ᠶᠢ ᠣᠷᠣᠭᠤᠯᠵᠤ ᠵᠢᠷᠭᠤᠭ᠎ᠠ ᠶᠢ ᠭᠠᠷᠭᠠᠬᠤ︾ ᠪᠠᠷᠠᠭ᠎ᠠ ᠲᠡᠭᠡᠭᠡᠪᠦᠷᠢᠯᠡᠬᠦ ᠵᠠᠮ ᠱᠤᠭᠤᠮ ᠳᠤ ᠲᠦᠰᠢᠭᠯᠡᠨ᠂ ︽ᠵᠠᠳᠠᠭᠠᠶ ᠲᠡᠭᠡᠭᠡᠪᠦᠷᠢ ᠶᠢ ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠬᠤ︾ ᠶᠢ ᠵᠣᠷᠢᠭᠵᠢᠭᠤᠯᠤᠨ ᠳᠡᠯᠭᠡᠷᠡᠭᠦᠯᠵᠦ᠂ AGV ᠵᠢᠯᠣᠭᠤᠴᠢ ᠥᠬᠡᠶ ᠮᠠᠰᠢᠨ ᠲᠡᠷᠭᠡ᠂ ᠤᠶᠤᠨᠲᠤ ᠬᠦᠨᠳᠦ ᠠᠴᠢᠶᠠᠨ ᠤ ᠮᠠᠰᠢᠨ ᠲᠡᠷᠭᠡ᠂ ᠴᠢᠩᠭᠡᠯᠢᠭ᠂ ᠵᠠᠳᠠᠭᠠᠶ ᠲᠡᠭᠡᠭᠡᠪᠦᠷᠢ ᠵᠡᠷᠭᠡ ᠣᠯᠠᠨ ᠡᠰᠢᠵᠢᠭᠰᠡᠨ ᠬᠢᠯᠢ ᠠᠯᠤᠰᠯᠠᠭᠰᠠᠨ ᠲᠡᠭᠡᠭᠡᠪᠦᠷᠢ  ᠶᠢᠨ ᠵᠠᠭᠪᠤᠷ ᠢ ᠠᠬᠢᠭᠤᠯᠵᠤ᠂ ᠣᠯᠠᠨ ᠤᠯᠤᠰ ᠤᠨ ᠲᠡᠭᠡᠭᠡᠪᠦᠷᠢ ᠶᠢᠨ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠶᠢ ᠲᠥᠬᠦᠮ ᠪᠣᠯᠭᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠪᠠ᠃ ᠣᠳᠣᠬᠠᠨ ᠪᠣᠯᠲᠠᠯ᠎ᠠ᠂ AGV ᠨᠢ ᠨᠡᠶᠢᠲᠡ 7038 ᠤᠳᠠᠭ᠎ᠠ ᠪᠣᠭᠤᠮᠲᠠ ᠥᠩᠭᠡᠷᠡᠵᠦ᠂ 50.62 ᠲᠦᠮᠡᠨ ᠲᠣᠨ ᠨᠡᠭᠦᠷᠡᠰᠦ ᠲᠡᠭᠡᠭᠡᠪᠦᠷᠢᠯᠡᠵᠦ᠂ ᠤᠶᠤᠨᠲᠤ ᠬᠦᠨᠳᠦ ᠠᠴᠢᠶᠠᠨ ᠤ ᠮᠠᠰᠢᠨ ᠲᠡᠷᠭᠡ 535 ᠤᠳᠠᠭ᠎ᠠ ᠪᠣᠭᠤᠮᠲᠠ ᠥᠩᠭᠡᠷᠡᠵᠦ᠂ 7.78 ᠲᠦᠮᠡᠨ ᠲᠣᠨ ᠨᠡᠭᠦᠷᠡᠰᠦ ᠲᠡᠭᠡᠭᠡᠪᠦᠷᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号