ᠡᠨᠡ ᠵᠢᠯ ᠠᠴᠠ ᠨᠠᠭᠠᠰᠢ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠷᠠᠭᠠᠨ ᠤ ᠭᠦᠢᠯᠭᠡᠭᠡ ᠶᠢᠨ ᠦᠶᠯᠡᠰ ᠤᠨ ᠥᠪᠡᠷ | ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠ ᠵᠠᠮ | ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠣᠶᠢᠵᠢᠭᠤᠯᠬᠤ ᠠᠵᠢᠯ ᠤᠨ ᠱᠠᠭᠠᠷᠳᠠᠯᠭ᠎ᠠ | ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠪᠠᠷ ᠬᠥᠲᠥᠯᠦᠮᠵᠢ ᠪᠣᠯᠭᠠᠵᠤ᠂ ᠪᠥᠬᠦ ᠨᠡᠶᠢᠭᠡᠮ | ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ | ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ ᠵᠡᠷᠭᠡ 17 ᠬᠠᠮᠢᠶ᠎ᠠ ᠪᠥᠬᠦᠶ ᠨᠢᠭᠡᠴᠢ ᠪᠣᠯᠤᠨ ᠡᠯ᠎ᠡ ᠠᠶᠢᠮᠠᠭ ᠬᠤᠲᠠ ᠶᠢ ᠵᠣᠬᠢᠶᠠᠨ | ᠪᠠᠶᠢᠭᠤᠯᠵᠤ ᠸᠢᠳᠢᠣ᠋ ᠠᠬᠢᠭᠤᠯᠬᠤ ᠬᠤᠷᠠᠯ ᠬᠤᠷᠠᠯᠳᠤᠭᠤᠯᠵᠤ᠂ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ | ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢᠨ ᠲᠥᠰᠦᠯ︾ | ᠤᠨ ᠡᠯ᠎ᠡ ᠵᠦᠶᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠳᠤ ᠲᠠᠶᠢᠯᠤᠮᠵᠢ ᠬᠢᠵᠦ᠂ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠬᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢ ᠰᠠᠶᠢᠲᠤᠷ ᠪᠠᠶᠢᠭᠤᠯᠬᠤ᠂ | ᠨᠡᠶᠢᠲᠡᠯᠢᠭ ᠵᠢᠱᠢᠶ᠎ᠡ ᠦᠵᠡᠭᠦᠯᠬᠦ ᠵᠠᠮ ᠱᠤᠭᠤᠮ ᠢ ᠴᠣᠭᠴᠠᠯᠠᠬᠤ ᠵᠡᠷᠭᠡ ᠭᠤᠷᠪᠠᠨ ᠲᠠᠯ᠎ᠠ ᠠᠴᠠ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠶᠢᠷᠢᠯᠠᠭᠤᠯᠪᠠ᠃ ᠪᠥᠬᠦ ᠣᠷᠣᠨ ᠤ ᠡᠯ᠎ᠡ ᠱᠠᠲᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠳᠠᠭᠠᠭᠠᠴᠢᠯᠠᠨ ᠬᠤᠯᠪᠣᠭᠠᠯᠠᠬᠤ ᠪᠣᠶᠢᠵᠢᠭᠤᠯᠬᠤ ᠪᠠ ᠬᠢᠨᠠᠨ | ᠰᠢᠨᠵᠢᠵᠦ ᠦᠨᠡᠯᠡᠬᠦ ᠲᠣᠭᠲᠠᠴᠠ ᠶᠢ ᠪᠠᠶᠢᠭᠤᠯᠬᠤ ᠶᠢ ᠵᠢᠯᠤᠭᠤᠳᠴᠤ᠂ ᠣᠲᠣ ᠪᠣᠯᠲᠠᠯ᠎ᠠ᠂ ᠪᠥᠬᠦ ᠣᠷᠣᠨ ᠤ ᠡᠯ᠎ᠡ | ᠱᠠᠲᠤᠨ ᠤ ᠭᠤᠤᠯᠳᠠᠯᠭ᠎ᠠ ᠲᠠᠢ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ | ᠢ ᠪᠣᠶᠢᠵᠢᠭᠤᠯᠬᠤ ᠬᠥᠮᠥᠷᠭᠡ ᠳᠤ ᠨᠢᠭᠡᠨᠲᠡ 83 ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ | ᠣᠷᠣᠭᠤᠯᠪᠠ᠂ ᠡᠭᠦᠨ ᠳᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ 20᠂ ᠠᠭᠠᠷ ᠤᠨ ᠲᠡᠭᠡᠭᠡᠪᠦᠷᠢ | ᠶᠢᠨ ᠠᠵᠤ ᠠᠬᠤᠶᠢᠯᠠᠯ 1᠂ ᠰᠢᠦᠳᠠᠨ ᠤ ᠲᠦᠷᠭᠡᠨ ᠬᠦᠷᠭᠡᠬᠦ ᠠᠵᠤ ᠠᠬᠤᠶᠢᠯᠠᠯ 3᠂ ᠵᠠᠮ ᠬᠠᠷᠢᠯᠴᠠᠭ᠎ᠠ ᠲᠡᠭᠡᠭᠡᠪᠦᠷᠢ | ᠶᠢᠨ ᠠᠵᠤ ᠠᠬᠤᠶᠢᠯᠠᠯ 59 ᠪᠠᠶᠢᠵᠤ᠂ 870 ᠲᠦᠮᠡᠨ ᠲᠣᠨ ᠤ ᠣᠷᠳᠣ ᠬᠤᠭᠤᠴᠠᠭᠠᠨ ᠤ ᠲᠡᠭᠡᠭᠡᠪᠦᠷᠢ ᠶᠢᠨ | ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ | ᠪᠤᠭᠤᠲᠤ ᠬᠤᠲᠠ | ᠪᠤᠭᠤᠲᠤ ᠬᠤᠲᠠ ᠶᠢᠨ ᠬᠢᠨ ︽ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠬᠢᠭᠡᠳ | ᠦᠶᠯᠡᠳᠪᠦᠷᠢᠯᠡᠯ ᠤᠨ ᠠᠵᠤ ᠠᠬᠤᠶᠢᠯᠠᠯ ᠤᠨ ᠵᠣᠯᠭᠠᠭᠤᠯᠬᠤ ᠬᠤᠷᠠᠯ ᠤᠨ ᠠᠵᠢᠯ ᠤᠨ ᠲᠥᠰᠦᠯ︾ ᠢ ᠰᠤᠳᠤᠯᠤᠨ | ᠨᠡᠶᠢᠲᠡᠯᠡᠵᠦ᠂ ︽ᠵᠠᠰᠠᠭ ᠶᠢᠨ ᠣᠷᠳᠣᠨ ᠠᠵᠤ ᠠᠬᠤᠶᠢᠯᠠᠯ ᠲᠡᠭᠡᠭᠡᠪᠦᠷᠢ︾ ᠶᠢᠨ ᠬᠤᠤᠰ ᠡᠷᠢᠯᠲᠡ ᠶᠢᠨ ᠵᠣᠯᠭᠠᠭᠤᠯᠬᠤ | ᠲᠠᠪᠴᠠᠩ ᠢ ᠪᠠᠶᠢᠭᠤᠯᠵᠤ᠂ ᠵᠣᠯᠭᠠᠭᠤᠯᠬᠤ ᠬᠤᠷᠠᠯ ᠤᠨ ᠵᠥᠪᠯᠡᠬᠦ ᠵᠦᠶᠯ ᠢ ᠨᠠᠷᠢᠨ ᠨᠢᠮᠪᠠᠶ ᠵᠢᠷᠤᠵᠤ ᠲᠥᠯᠥᠪᠯᠡᠨ᠂ | ᠬᠤᠲᠠ ᠶᠢᠨ ᠲᠠᠰ ᠤᠨ ᠶᠠᠷᠢᠯᠴᠠᠨ ᠵᠥᠪᠳᠡᠯᠴᠡᠬᠦ ᠲᠣᠭᠲᠠᠴᠠ ᠳᠤ ᠣᠷᠣᠭᠤᠯᠬᠤ᠂ ᠬᠤᠷᠠᠯ ᠤᠨ ᠳᠠᠷᠠᠭᠠᠬᠢ ᠮᠥᠷᠳᠡᠨ | ᠦᠶᠯᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ | ᠪᠣᠳᠣᠯᠭ᠎ᠠ ᠬᠡᠷᠡᠭᠵᠢᠭᠦᠯᠬᠦ︾ ᠨᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠦᠶᠯᠡᠰ ᠤᠨ ᠬᠥᠭᠵᠢᠯᠲᠡ ᠶᠢᠨ | ᠬᠥᠳᠡᠯᠭᠡᠬᠦ ᠡᠨᠧᠷᠭᠢ ᠶᠢ ᠭᠦᠶᠴᠡᠳ ᠠᠭᠤᠳᠠᠯᠤᠨ ᠭᠠᠷᠭᠠᠵᠤ᠂ ᠦᠢᠯᠡᠳᠪᠦᠷᠢᠯᠡᠬᠦ ᠠᠵᠤ ᠠᠬᠤᠶᠢᠯᠠᠯ ᠳᠤ ᠴᠢᠨᠠᠷ | ᠰᠠᠶᠢᠲᠠᠶ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠲᠠᠰᠤᠷᠠᠯᠲᠠ ᠥᠬᠡᠶ ᠡᠷᠢᠨ ᠦᠭᠴᠦ᠂ | ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠳᠤ ᠦᠷᠭᠦᠯᠵᠢᠯᠡᠨ ᠲᠣᠭᠲᠠᠪᠤᠷᠢᠲᠠᠶ ᠪᠠᠷᠠᠭᠠᠨ ᠤ | ᠢᠷᠡᠯᠲᠡ ᠶᠢᠨ ᠠᠵᠤ ᠠᠬᠤᠶᠢᠯᠠᠯ ᠢ ᠡᠷᠢᠵᠦ ᠦᠭᠭᠦᠨ᠎ᠡ᠃ ᠵᠣᠯᠭᠠᠭᠤᠯᠬᠤ ᠬᠤᠷᠠᠯ ᠢ ᠨᠢᠭᠡᠨᠲᠡ ᠭᠤᠷᠪᠠᠨ ᠬᠤᠭᠤᠴᠠᠭ᠎ᠠ | ᠡᠷᠭᠢᠯᠡᠵᠦ᠂ ᠨᠡᠶᠢᠲᠡ 15 ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ᠂ 18 | ᠦᠢᠯᠡᠳᠪᠦᠷᠢᠯᠡᠬᠦ ︵ᠠᠷᠠᠯᠵᠢᠶ᠎ᠠ ᠬᠤᠳᠠᠯᠳᠤᠭ᠎ᠠ︶ ᠠᠵᠤ ᠠᠬᠤᠶᠢᠯᠠᠯ ᠳᠤ ᠦᠶᠯᠡᠴᠢᠯᠡᠵᠦ᠂ ᠠᠵᠤ ᠠᠬᠤᠶᠢᠯᠠᠯ ᠤᠨ | ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠪᠣᠳᠠᠲᠠᠶ ᠠᠰᠠᠭᠤᠳᠠᠯ ᠢ 3 ᠰᠢᠶᠳᠪᠦᠷᠢᠯᠡᠪᠡ᠃ | ᠦᠬᠠᠶ ᠬᠤᠲᠠ | ︽ᠣᠬᠤᠷ ᠵᠠᠮ ᠤᠨ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠶᠢ ᠰᠢᠨ᠎ᠡ ᠡᠨᠧᠷᠭᠢ ᠪᠠᠷ ᠣᠷᠣᠯᠠᠭᠤᠯᠬᠤ | ᠶᠢᠨ ᠬᠡᠷᠡᠭᠵᠢᠭᠦᠯᠬᠦ ᠲᠥᠰᠦᠯ︾ ᠢ ᠲᠤᠭᠤᠷᠪᠢᠵᠤ ᠨᠠᠶᠢᠷᠠᠭᠤᠯᠤᠨ ᠵᠣᠬᠢᠶᠠᠵᠤ᠂ ᠨᠡᠭᠦᠷᠡᠰᠦ᠂ ᠴᠠᠬᠢᠯᠭᠠᠨ ᠭᠠᠷᠭᠠᠬᠤ | ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ | ᠠᠬᠤᠶᠢᠯᠠᠯ ᠤᠨ ᠠᠰᠠᠭᠤᠳᠠᠯ᠂ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠳᠣᠭᠢᠷᠠᠭᠤᠯᠤᠨ ᠵᠣᠬᠢᠴᠠᠭᠤᠯᠤᠨ | ᠰᠢᠶᠳᠪᠦᠷᠢᠯᠡᠵᠦ᠂ ᠲᠤᠬᠠᠶᠢᠯᠠᠭᠰᠠᠨ ᠠᠵᠢᠯ ᠭᠦᠶᠴᠡᠳᠬᠡᠬᠦ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠰᠢᠨ᠎ᠡ | ᠡᠨᠧᠷᠭᠢ ᠶᠢᠨ ᠲᠡᠷᠭᠡ ᠬᠥᠰᠬᠡ ᠶᠢ ᠳᠡᠩᠰᠡᠯᠡᠨ ᠲᠡᠮᠳᠡᠭᠯᠡᠬᠦ ᠵᠡᠷᠭᠡ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ 9 ᠵᠤᠷᠪᠤᠰ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠨᠡ ᠵᠢᠯ ᠠᠴᠠ ᠨᠠᠭᠠᠰᠢ᠂ | ᠪᠥᠬᠦ ᠬᠤᠲᠠ ᠳᠤ ᠰᠢᠨ᠎ᠡ ᠡᠨᠧᠷᠭᠢ ᠶᠢᠨ ᠬᠦᠨᠳᠦ ᠠᠴᠢᠶᠠᠨ ᠮᠠᠰᠢᠨ ᠢ 106 ᠲᠡᠯᠭᠡᠷᠡᠭᠦᠯᠦᠨ ᠬᠡᠷᠡᠭᠯᠡᠵᠦ᠂ ᠰᠢᠨ᠎ᠡ | ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠬᠦ ᠥᠷᠲᠡᠭᠡ ᠶᠢ 38 ᠪᠠᠶᠢᠭᠤᠯᠪᠠ︔ 1 | ᠠᠵᠤ ᠠᠬᠤᠶᠢᠯᠠᠯ ᠤᠨ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠪᠠᠶᠢᠭᠤᠯᠬᠤ ᠲᠥᠷᠥᠯ ᠵᠦᠶᠯ ᠤᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠴᠠᠬᠢᠯᠭᠠᠨ ᠬᠦᠴᠦᠨ ᠤ ᠠᠷᠠᠯᠵᠢᠶ᠎ᠠ ᠳᠤ | ᠭᠤᠶᠤᠴᠢᠯᠠᠨ ᠣᠷᠣᠯᠴᠠᠬᠤ ᠶᠢ ᠬᠠᠪᠰᠤᠷᠪᠠ︔ ᠡᠩ ᠤᠨ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ᠂ | ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ᠬᠢᠭᠡᠳ ᠨᠡᠭᠦᠷᠡᠰᠦ᠂ ᠢᠯᠴᠢ ᠶᠢᠨ | ᠴᠠᠬᠢᠯᠭᠠᠨ᠂ ᠬᠡᠦᠷᠰᠢᠭᠦᠯᠬᠦ ᠠᠵᠤ ᠠᠬᠤᠶᠢᠯᠠᠯ ᠵᠡᠷᠭᠡ 130 ᠭᠠᠷᠤᠶ ᠲᠠᠯᠠᠪᠤᠷ ᠭᠠᠵᠠᠷ ᠲᠤ ᠰᠠᠭᠠᠳ ᠥᠬᠡᠶ ᠨᠡᠪᠲᠡᠷᠡᠬᠦ | ᠵᠠᠮ ᠭᠠᠷᠭᠠᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠤᠷᠢᠳ ᠢᠶᠠᠷ ᠨᠡᠪᠲᠡᠷᠡᠬᠦ ᠶᠢ ᠪᠠᠲᠤᠯᠠᠪᠠ᠃ | ᠣᠷᠳᠣᠰ ᠬᠤᠲᠠ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠢ ᠲᠦᠷᠭᠡᠳᠬᠡᠨ | ᠪᠣᠶᠢᠵᠢᠭᠤᠯᠬᠤ ᠪᠠ ᠬᠥᠭᠵᠢᠭᠦᠯᠵᠦ᠂ ᠡᠵᠡᠨ ᠬᠤᠷᠤᠭ᠎ᠠ ᠬᠤᠰᠢᠭᠤᠨ ᠤ ᠵᠤᠸᠠᠨ ᠯᠦᠩ ᠸᠠᠨ ᠨᠡᠭᠦᠷᠡᠰᠦᠨ ᠠᠭᠤᠷᠬᠠᠶ | ᠠᠴᠠ ᠳᠠᠯᠠᠳ ᠬᠤᠰᠢᠭᠤᠨ ᠤ ᠰᠠᠨ ᠰᠢᠶᠠᠩ ᠯᠢᠶᠠᠩ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠤᠤᠰ ᠴᠢᠷᠦᠭᠦᠯ ᠮᠠᠰᠢᠨ ᠲᠡᠷᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠵᠢᠱᠢᠶ᠎ᠡ | ᠦᠵᠡᠭᠦᠯᠬᠦ ᠱᠤᠭᠤᠮ ᠢ ᠪᠠᠶᠢᠭᠤᠯᠵᠤ᠂ ᠨᠡᠶᠢᠲᠡ 259 ᠤᠳᠠᠭ᠎ᠠ ᠠᠶᠠᠯᠠᠵᠤ᠂ ᠬᠤᠤᠰ ᠴᠢᠷᠦᠭᠦᠯ ᠮᠠᠰᠢᠨ ᠲᠡᠷᠭᠡᠨ ᠤ | ᠪᠠᠷᠠᠭ᠎ᠠ ᠲᠡᠭᠡᠭᠡᠪᠦᠷᠢᠯᠡᠬᠦ ᠲᠤᠷᠰᠢᠯᠲᠠ ᠶᠢ 1.3 ᠲᠦᠮᠡᠨ ᠲᠣᠨ ᠪᠡᠶᠡᠯᠡᠭᠦᠯᠪᠡ︔ ᠲᠡᠷᠭᠡ ᠬᠥᠰᠬᠡ ᠶᠢᠨ ᠳᠠᠭᠠᠭᠠᠴᠠ | ᠶᠢ 70% ᠪᠠᠷ ᠳᠡᠭᠡᠭᠰᠢᠯᠡᠭᠦᠯᠵᠦ᠂ ᠦᠷ᠎ᠡ ᠪᠦᠲᠦᠮᠵᠢ ᠶᠢ 37% ᠪᠠᠷ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠭᠤᠯᠭ᠎ᠠ ᠶᠢ 30% ᠪᠠᠷ ᠪᠠᠭᠤᠷᠠᠭᠤᠯᠵᠤ᠂ ᠥᠪᠡᠷ ᠤᠨ ᠥᠷᠲᠡᠭ ᠢ 28.6% ᠪᠠᠷ ᠳᠣᠷᠣᠭᠰᠢᠯᠠᠭᠤᠯᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ 18% ᠪᠠᠷ ᠪᠠᠭᠠᠰᠬᠠᠬᠤ ᠶᠢ ᠪᠡᠶᠡᠯᠡᠭᠦᠯᠪᠡ᠃ ᠮᠠ ᠲᠠᠢ ᠬᠤᠤ | ᠨᠡᠭᠦᠷᠡᠰᠦᠨ ᠠᠭᠤᠷᠬᠠᠶ — ᠴᠢ ᠫᠠᠨ ᠵᠢᠩ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ 4 ᠵᠤᠷᠪᠤᠰ | L4 ᠲᠠᠰ ᠤᠨ ᠠᠦ᠋ᠲ᠋ᠣ᠋ ᠵᠢᠯᠣᠭᠤᠳᠣᠯᠭ᠎ᠠ ᠶᠢᠨ ᠬᠤᠳᠠᠯᠳᠤᠭᠠᠴᠢᠯᠠᠭᠰᠠᠨ ᠵᠢᠱᠢᠶ᠎ᠡ ᠦᠵᠡᠭᠦᠯᠬᠦ ᠡᠵᠡᠩᠨᠡᠯᠲᠡ ᠶᠢᠨ ᠵᠠᠮ | ᠱᠤᠭᠤᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠶᠠᠳᠤᠭᠠᠷ ᠪᠦᠯᠦᠭ ᠤᠨ ᠤᠶᠤᠨᠲᠤ ᠵᠠᠮ | ᠬᠠᠷᠢᠯᠴᠠᠭᠠᠨ ᠤ ᠬᠤᠰᠢᠭᠤᠴᠢ ᠬᠡᠷᠡᠭᠯᠡᠭᠡᠨ ᠤ ᠲᠤᠷᠰᠢᠯᠲᠠ ᠶᠢᠨ ᠴᠡᠭ ᠤᠨ ᠲᠥᠷᠥᠯ ᠵᠦᠶᠯ ᠢᠶᠠᠷ ᠵᠥᠪᠰᠢᠶᠡᠷᠡᠭᠳᠡᠵᠦ᠂ | ᠠᠦ᠋ᠲ᠋ᠣ᠋ ᠵᠢᠯᠣᠭᠤᠳᠣᠯᠭ᠎ᠠ ᠶᠢᠨ ᠬᠦᠨᠳᠦ ᠠᠴᠢᠶᠠᠨ ᠤ ᠮᠠᠰᠢᠨ ᠲᠡᠷᠭᠡ ᠨᠡᠭᠦᠷᠡᠰᠦ ᠵᠢᠴᠢ ᠪᠤᠰᠤᠳ ᠪᠥᠭᠡᠮ ᠲᠠᠸᠠᠷ ᠢ | ᠨᠡᠶᠢᠲᠡ 40 ᠲᠦᠮᠡᠨ ᠲᠣᠨ ᠠᠴᠠ ᠳᠡᠭᠡᠭᠰᠢ ᠵᠥᠭᠡᠭᠡᠪᠦᠷᠢᠯᠡᠵᠦ᠂ ᠬᠡᠮᠵᠢᠨ ᠲᠤᠷᠰᠢᠭᠰᠠᠨ ᠪᠠ ᠲᠡᠭᠡᠭᠡᠪᠦᠷᠢᠯᠡᠨ | ᠡᠵᠡᠩᠨᠡᠭᠰᠡᠨ ᠵᠠᠮ ᠤᠨ ᠤᠷᠲᠤ ᠨᠢ ᠨᠡᠶᠢᠲᠡ 450 ᠭᠠᠷᠤᠢ ᠲᠦᠮᠡᠨ ᠺᠢᠯᠣᠮᠧᠲᠷ ᠲᠤ ᠬᠦᠷᠴᠡᠢ᠃ |