︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠠᠷᠪᠠᠨ ᠵᠢᠯ ᠤᠨ ᠣᠶ—  ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ— ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ
ᠨᠡᠶᠢᠲᠡᠯᠡᠭᠰᠡᠨ ᠴᠠᠭ᠄
2024/6/26
    ᠤᠢᠢᠷ᠎ᠠ ᠶᠢᠨ ᠵᠢᠯ ᠠᠴᠠ ᠨᠠᠭᠠᠰᠢ᠂ ᠪᠠᠭᠠᠷᠢᠨ ᠵᠡᠭᠦᠨ ᠬᠤᠰᠢᠭᠤ ᠵᠠᠮ ᠬᠠᠷᠢᠯᠴᠠᠭ᠎ᠠ ᠪᠣᠯ ︽ᠲᠠᠭᠠᠭᠤᠯᠤᠭᠴᠢ︾᠂ ᠵᠠᠮ ᠬᠠᠷᠢᠯᠴᠠᠭ᠎ᠠ ᠪᠣᠯ ︽ᠠᠷᠠᠳ ᠤᠨ ᠠᠮᠢᠳᠤᠷᠠᠯ︾᠂ ᠵᠠᠮ ᠬᠠᠷᠢᠯᠴᠠᠭ᠎ᠠ ᠪᠣᠯ ︽ᠲᠤᠮᠤ ᠬᠠᠲᠠᠭᠤ ᠬᠡᠷᠡᠭᠰᠡᠯ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ︽ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠎ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃     ᠣᠳᠣᠬᠠᠨ ᠳᠤ᠂ ᠪᠦᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠶᠡᠷᠦᠩᠬᠡᠢ ᠤᠷᠲᠤ 2040 ᠺᠢᠯᠣᠮᠧᠲᠷ ᠲᠤ ᠬᠦᠷᠴᠦ᠂ 11 ᠰᠤᠮᠤ ᠰᠢᠶᠠᠩ ᠪᠠᠯᠭᠠᠰᠤᠨ ᠤ 166 ᠭᠠᠴᠠᠭ᠎ᠠ ᠲᠣᠰᠬᠤᠨ ᠳᠤ ᠪᠦᠬᠦᠨ ᠢᠶᠠᠷ ᠎ ᠢᠶᠠᠨ ᠪᠠᠷᠤᠭᠰᠢᠨ ︵ᠱᠦᠢᠨᠢ︶ ᠵᠠᠮ ᠨᠡᠪᠲᠡᠷᠡᠵᠦ᠂ ᠴᠠᠷᠳᠠᠮᠠᠯ ᠵᠠᠮ ᠨᠡᠪᠲᠡᠷᠡᠭᠰᠡᠨ ᠨᠣᠷᠮ᠎ᠠ 100%᠎ ᠳᠤ ᠬᠦᠷᠴᠦ᠂ ᠪᠦᠬᠦ ᠬᠤᠰᠢᠭᠤᠨ ᠳᠤ ᠰᠢᠶᠠᠩ ᠪᠠᠯᠭᠠᠰᠤᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ 9 ᠪᠠᠶᠢᠭᠤᠯᠵᠤ᠂ 28 ᠵᠤᠷᠪᠤᠰ ᠠᠶᠠᠨᠴᠢᠳ ᠤᠨ ᠵᠥᠭᠡᠭᠡᠪᠦᠷᠢ ᠶᠢᠨ ᠵᠠᠮ ᠱᠤᠭᠤᠮ ᠢ ᠨᠡᠪᠲᠡᠷᠡᠭᠦᠯᠵᠦ᠂ ᠬᠥᠳᠡᠭᠡ ᠲᠣᠰᠬᠤᠨ ᠤ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ 41 ᠵᠤᠷᠪᠤᠰ ᠨᠡᠪᠲᠡᠷᠡᠭᠦᠯᠵᠦ᠂ ᠰᠢᠶᠠᠨ ᠠᠴᠠ ᠰᠢᠶᠠᠩ ᠪᠠᠯᠭᠠᠰᠤ᠂ ᠰᠢᠶᠠᠩ ᠪᠠᠯᠭᠠᠰᠤ ᠠᠴᠠ ᠵᠠᠰᠠᠭ ᠵᠠᠬᠢᠷᠭᠠᠨ ᠤ ᠲᠣᠰᠬᠤᠨ᠂ ᠵᠠᠰᠠᠭ ᠵᠠᠬᠢᠷᠭᠠᠨ ᠤ ᠲᠣᠰᠬᠤᠨ ᠠᠴᠠ ᠠᠶᠢᠯ ᠲᠣᠰᠬᠤᠨ ᠬᠦᠷᠲᠡᠯᠡᠬᠢ ᠳᠥᠷᠪᠡᠨ ᠳᠡᠰ ᠤᠨ ᠠᠶᠠᠨᠴᠢᠳ ᠤᠨ ᠵᠥᠭᠡᠭᠡᠪᠦᠷᠢ ᠶᠢᠨ ᠲᠣᠤᠷ ᠢ ᠪᠦᠷᠢᠯᠳᠦᠭᠦᠯᠪᠡ᠃ ᠤᠷᠢᠳ ᠬᠤᠵᠢᠳ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ᠂ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ ᠰᠢᠶᠠᠨ ᠵᠡᠷᠭᠡ ᠢᠷᠠᠭᠤ ᠠᠯᠳᠠᠷ ᠢ ᠭᠥᠷᠳᠡᠪᠡ᠃      ᠪᠠᠭᠠᠷᠢᠨ ᠵᠡᠭᠦᠨ ᠬᠤᠰᠢᠭᠤ ︽ᠬᠤᠲᠠ ᠬᠥᠳᠡᠭᠡ ᠶᠢ ᠨᠢᠭᠡᠳᠦᠯᠲᠡᠢ ᠳᠤ ᠲᠥᠯᠥᠪᠵᠢᠭᠦᠯᠬᠦ᠂ ᠬᠤᠲᠠ ᠪᠠᠷ ᠬᠥᠳᠡᠭᠡ ᠶᠢ ᠳᠠᠶᠢᠴᠢᠯᠠᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢ ᠵᠡᠷᠭᠡ ᠳᠤ ᠨᠢ ᠴᠢᠬᠤᠯᠠᠴᠢᠯᠠᠬᠤ︾ ᠶᠡᠷᠦᠩᠬᠡᠢ ᠰᠡᠳᠬᠢᠮᠵᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ ᠢ ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠶᠠᠨᠴᠢᠳ ᠲᠡᠭᠡᠭᠡᠪᠦᠷᠢ ᠶᠢᠨ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠯᠬᠢᠨ ᠠᠬᠢᠭᠤᠯᠪᠠ᠃ ᠰᠢᠶᠠᠨ ᠤ ᠬᠤᠲᠠ ᠪᠠᠷ ᠲᠥᠪ ᠪᠣᠯᠭᠠᠭᠰᠠᠨ᠂ ᠰᠤᠮᠤ ᠰᠢᠶᠠᠩ ᠪᠠᠯᠭᠠᠰᠤ ᠪᠠᠷ ᠬᠦᠢᠰᠤ ᠪᠣᠯᠭᠠᠭᠰᠠᠨ᠂ ᠵᠠᠰᠠᠭ ᠵᠠᠬᠢᠷᠭᠠᠨ ᠤ ᠲᠣᠰᠬᠤᠨ ᠢᠶᠠᠷ ᠵᠠᠩᠭᠢᠯᠠᠭ᠎ᠠ ᠪᠣᠯᠭᠠᠭᠰᠠᠨ ᠬᠤᠲᠠ ᠬᠥᠳᠡᠭᠡ ᠶᠢᠨ ᠠᠶᠠᠨᠴᠢᠳ ᠎ ᠤᠨ ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠲᠣᠣᠷ ᠢ ᠠᠩᠬ᠎ᠠ ᠠᠯᠬᠤᠮ ᠪᠤᠶ ᠪᠣᠯᠭᠠᠪᠠ᠃ ᠬᠥᠳᠡᠭᠡ ᠲᠣᠰᠬᠤᠨ ᠤ ᠪᠠᠷᠠᠭᠠᠨ ᠤ ᠭᠦᠶᠯᠭᠡᠭᠡ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠭᠦᠨᠵᠡᠭᠡᠶ ᠠᠭᠤᠰᠣᠯᠴᠠᠨ᠂ ᠲᠦᠷᠭᠡᠨ ᠬᠦᠭᠵᠢᠵᠦ᠂ ᠣᠳᠣᠬᠠᠨ ᠳᠤ ᠪᠥᠬᠦ ᠬᠤᠰᠢᠭᠤᠨ ᠳᠤ ᠪᠠᠷᠠᠭᠠᠨ ᠤ ᠭᠦᠶᠯᠭᠡᠭᠡ ᠶᠢᠨ ᠲᠦᠷᠭᠡᠨ ᠬᠦᠷᠭᠡᠯᠲᠡ ᠎ ᠶᠢᠨ ᠠᠵᠤ ᠠᠬᠤᠶᠢᠯᠠᠯ 31 ᠪᠠᠶᠢᠵᠤ᠂ 9 ᠰᠤᠮᠤ ᠰᠢᠶᠠᠩ ᠪᠠᠯᠭᠠᠰᠤᠨ ᠤ ᠪᠠᠷᠠᠭᠠᠨ ᠤ ᠭᠦᠶᠯᠭᠡᠭᠡ ᠶᠢᠨ ᠲᠣᠬᠢᠷᠠᠭᠤᠯᠤᠨ ᠬᠦᠷᠭᠡᠬᠦ ᠥᠷᠲᠡᠭᠡ ᠪᠠᠷ ᠲᠤᠯᠬᠤ ᠴᠡᠭ ᠪᠣᠯᠭᠠᠨ᠂ 166 ᠲᠣᠰᠬᠤᠨ ᠤ ᠲᠠᠰ ᠤᠨ ᠲᠣᠬᠢᠷᠠᠭᠤᠯᠤᠨ ᠬᠦᠷᠭᠡᠬᠦ ᠴᠡᠭ ᠢᠶᠠᠷ ᠦᠵᠦᠭᠦᠷ ᠪᠣᠯᠭᠠᠭᠰᠠᠨ ᠭᠤᠷᠪᠠᠳᠤᠭᠠᠷ ᠳᠡᠰ ᠤᠨ ᠪᠠᠷᠠᠭᠠᠨ ᠤ ᠭᠦᠶᠯᠭᠡᠭᠡ ᠶᠢᠨ ᠰᠢᠰᠲ᠋ᠧᠮ ᠨᠢ ᠠᠵᠤ ᠦᠶᠯᠡᠳᠪᠦᠷᠢ ᠶᠢᠨ ᠦᠶᠯᠡᠳᠬᠦᠨ ᠢ ᠲᠣᠰᠬᠤᠨ ᠳᠤ ᠣᠷᠣᠭᠤᠯᠬᠤ᠂ ᠲᠠᠷᠢᠶᠠᠯᠠᠩ ᠤᠨ ᠣᠨᠴᠠ ᠪᠦᠲᠦᠭᠡᠭᠳᠡᠬᠦᠨ ᠎ ᠢ ᠬᠤᠲᠠ ᠳᠤ ᠣᠷᠣᠭᠤᠯᠬᠤ ︽ᠡᠴᠦᠰ ᠤᠨ ᠨᠢᠭᠡ ᠺᠢᠯᠣᠮᠧᠲᠷ︾᠎ ᠢ ᠰᠢᠶᠳᠪᠦᠷᠢᠯᠡᠪᠡ᠃
202406261706.jpg
202406261707.jpg
202406261708.jpg
202406261709.jpg
202406261712.jpg
202406261710.jpg
202406261711.jpg
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号