ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠠᠤᠬᠠᠨ ᠬᠤᠲᠠ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠳᠤ ᠦᠶᠯᠡᠴᠢᠯᠡᠬᠦ᠂ | ᠬᠥᠭᠵᠢᠯᠲᠡ ᠳᠤ ᠦᠶᠯᠡᠴᠢᠯᠡᠬᠦ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢᠶᠠᠨ ᠪᠣᠯᠭᠠᠵᠤ᠂ ᠠᠤᠬᠠᠨ | ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠭᠰᠡᠨ ︽ᠭᠤᠤᠯ ᠯᠤᠭᠰᠢᠭᠤᠨ ᠰᠤᠳᠠᠯ ᠢ ᠨᠡᠪᠲᠡᠷᠡᠭᠦᠯᠬᠦ᠂ ᠪᠢᠴᠢᠯ | ᠡᠷᠭᠢᠯᠲᠡ ᠶᠢ ᠰᠢᠯᠤᠭᠤᠳᠬᠠᠬᠤ᠂ ᠵᠠᠮ ᠬᠠᠷᠢᠯᠴᠠᠭᠠᠨ ᠤ ᠬᠦᠴᠦᠷᠬᠡᠭ ᠬᠤᠰᠢᠭᠤ ᠶᠢ ᠪᠥᠲᠥᠭᠡᠨ ᠪᠠᠶᠢᠭᠤᠯᠬᠤ | ︿ᠰᠠᠭᠠᠳ ᠦᠭᠡᠢ ᠠᠮᠤᠷ ᠲᠦᠪᠰᠢᠨ ᠲᠠᠭᠠᠯᠠᠮᠵᠢᠲᠠᠶ ᠭᠤᠶᠤ﹀ ᠢᠨᠵᠧᠨᠧᠷᠢᠩ ᠢ ᠪᠠᠶᠢᠭᠤᠯᠬᠤ︾ ᠰᠡᠳᠬᠢᠮᠵᠢ ᠶᠢ | ᠲᠣᠭᠲᠠᠭᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ᠪᠣᠳᠠᠲᠠᠶ ᠠᠷᠭ᠎ᠠ ᠪᠣᠳᠣᠯᠭ᠎ᠠ ᠬᠡᠷᠡᠭᠯᠡᠨ᠂ ᠶᠠᠰᠤ ᠴᠢᠨᠠᠷ ᠦᠷ᠎ᠡ | ᠪᠦᠲᠦᠮᠵᠢ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠴᠢᠨᠠᠷ | ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ | 2023 ᠣᠨ ᠳᠤ᠂ ᠠᠤᠬᠠᠨ ᠬᠤᠰᠢᠭᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠬᠦ | ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ 2023 ᠣᠨ ᠤ ᠡᠴᠦᠰ | ᠪᠣᠯᠲᠠᠯ᠎ᠠ᠂ ᠪᠥᠬᠦ ᠬᠤᠰᠢᠭᠤᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠪᠥᠬᠦ ᠣᠷᠳᠣ ᠨᠢ 3176 ᠺᠢᠯᠣᠮᠧᠲᠷ | ᠲᠤ ᠬᠦᠷᠴᠦ᠂ ᠡᠭᠦᠨ ᠳᠤ ᠬᠥᠳᠡᠭᠡ ᠲᠣᠰᠬᠤᠨ ᠤ ᠵᠠᠰᠠᠮᠠᠯ ᠵᠠᠮ 2698 ᠺᠢᠯᠣᠮᠧᠲᠷ ᠪᠠᠶᠢᠵᠤ᠂ ᠵᠠᠰᠠᠮᠠᠯ ᠵᠠᠮ ᠤᠨ | ᠲᠡᠷᠭᠡ ᠨᠡᠪᠲᠡᠷᠡᠭᠰᠡᠨ ᠪᠥᠬᠦ ᠣᠷᠳᠣ ᠶᠢᠨ 85.17% ᠶᠢ ᠡᠵᠡᠯᠡᠵᠦ᠂ ᠪᠥᠬᠦ ᠬᠤᠰᠢᠭᠤᠨ ᠤ ᠵᠠᠰᠠᠮᠠᠯ ᠵᠠᠮ ᠤᠨ | ᠨᠢᠭᠲᠠᠴᠠ ᠨᠢ 38.1 ᠺᠢᠯᠣᠮᠧᠲᠷ / ᠵᠠᠭᠤᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠤᠯᠤᠰ ᠮᠤᠵᠢ ᠶᠢᠨ | ᠭᠤᠤᠯ ᠱᠤᠭᠤᠮ ᠤᠨ ᠵᠠᠰᠠᠮᠠᠯ ᠵᠠᠮ ᠢᠶᠠᠷ ᠭᠤᠣᠯ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢᠶᠠᠷ | ᠰᠠᠯᠪᠤᠷᠢ ᠪᠣᠯᠭᠠᠭᠰᠠᠨ ᠵᠠᠮ ᠤᠨ ᠲᠣᠤᠷ ᠤᠨ ᠰᠢᠰᠲ᠋ᠧᠮᠵᠢ ᠶᠢ ᠪᠦᠷᠢᠯᠳᠦᠭᠦᠯᠵᠡᠶ᠃ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤᠮᠳᠠ᠂ ᠠᠤᠬᠠᠨ ᠬᠤᠰᠢᠭᠤ ︽ᠪᠥᠬᠦ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠠᠷᠭ᠎ᠠ︾ ᠶᠢ ᠲᠣᠭᠲᠠᠭᠠᠨ ᠨᠡᠶᠢᠲᠡᠯᠡᠵᠦ᠂ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠤᠨ ᠵᠠᠮ ᠢ | ᠰᠢᠶᠠᠩ ᠠᠴᠠ ᠬᠠᠮᠢᠶᠠᠷᠬᠤ᠂ ᠲᠣᠰᠬᠤᠨ ᠤ ᠵᠠᠮ ᠢ ᠲᠣᠰᠬᠤᠨ ᠠᠴᠠ ᠬᠠᠮᠢᠶᠠᠷᠬᠤ︾ ᠱᠠᠲᠤ ᠬᠤᠪᠢᠶᠠᠨ ᠬᠠᠮᠢᠶᠠᠷᠬᠤ | ᠵᠠᠷᠴᠢᠮ ᠶᠣᠰᠣᠭᠠᠷ᠂ ᠬᠤᠰᠢᠭᠤᠨ ᠤ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠤᠯ ᠴᠣᠭᠴᠠ ᠪᠣᠯᠭᠠᠭᠰᠠᠨ | ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠤᠨ ᠬᠠᠮᠠᠭᠠᠯᠠᠬᠤ ᠪᠠᠯᠠ ᠮᠥᠩᠭᠦ ᠶᠢᠨ ᠪᠠᠲᠤᠯᠠᠭ᠎ᠠ ᠶᠢᠨ ᠲᠣᠭᠲᠠᠴᠠ | ᠶᠢ ᠢᠳᠡᠪᠬᠢᠲᠡᠶ ᠪᠠᠶᠢᠭᠤᠯᠵᠤ᠂ ᠬᠤᠰᠢᠭᠤ᠂ ᠰᠢᠶᠠᠩ ᠪᠠᠯᠭᠠᠰᠤ ᠰᠤᠮᠤ ᠪᠠ ᠭᠠᠴᠠᠭ᠎ᠠ ᠲᠣᠰᠬᠤᠨ ᠭᠤᠷᠪᠠᠨ ᠱᠠᠲᠤᠨ | ᠤ ᠬᠠᠮᠢᠶᠠᠷᠤᠯᠲᠠ ᠶᠢᠨ ᠠᠵᠢᠯᠲᠠᠨ ᠪᠠ ᠵᠠᠷᠤᠳᠠᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠬᠤᠰᠢᠭᠤᠨ ᠳᠤ ᠬᠠᠮᠢᠶᠠᠷᠴᠤ ᠬᠠᠮᠠᠭᠠᠯᠠᠬᠤ ᠲᠥᠪ ᠲᠠᠢ᠂ ᠰᠢᠶᠠᠩ ᠪᠠᠯᠭᠠᠰᠤ ᠰᠤᠮᠤᠨ ᠳᠤ ᠬᠠᠮᠢᠶᠠᠷᠴᠤ ᠠᠷᠠᠴᠢᠯᠠᠬᠤ | ᠭᠠᠵᠠᠷ ᠲᠠᠢ᠂ ᠭᠠᠴᠠᠭ᠎ᠠ ᠲᠣᠰᠬᠤᠨ ᠳᠤ ᠠᠷᠠᠴᠢᠯᠠᠨ ᠬᠠᠮᠠᠭᠠᠯᠠᠬᠤ ᠥᠷᠲᠡᠭᠡ ᠲᠠᠢ ᠪᠠᠶᠢᠬᠤ ᠱᠠᠲᠤ ᠬᠤᠪᠢᠶᠠᠨ | ᠬᠠᠮᠢᠶᠠᠷᠬᠤ ᠲᠥᠷᠢᠮ ᠢ ᠪᠡᠶᠡᠯᠡᠭᠦᠯᠵᠡᠢ᠃ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ | ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠶᠡᠷᠦᠩᠬᠡᠢ ᠵᠠᠮ ᠤᠨ ᠳᠠᠷᠤᠭ᠎ᠠ + ᠬᠤᠰᠢᠭᠤ ᠰᠣᠮᠣ ᠲᠣᠰᠬᠤᠨ | ᠤ ᠭᠤᠷᠪᠠᠨ ᠱᠠᠲᠤᠨ ᠤ ᠵᠠᠮ ᠤᠨ ᠳᠠᠷᠤᠭ᠎ᠠ︾ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ 16 ᠰᠤᠮᠤ ᠰᠢᠶᠠᠩ ᠪᠠᠯᠭᠠᠰᠤᠨ ᠤ ᠠᠷᠠᠴᠢᠯᠠᠨ ᠬᠠᠮᠠᠭᠠᠯᠠᠬᠤ | ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠬᠢᠷᠠᠭᠤᠯᠤᠭᠰᠠᠨ ᠨᠣᠷᠮ᠎ᠠ ᠨᠢ 100% ᠳᠤ ᠬᠦᠷᠭᠡᠪᠡ᠃ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠨᠢ ᠠᠶᠠᠨᠴᠢᠳ ᠤᠨ | ᠲᠡᠷᠭᠡ ᠨᠡᠪᠲᠡᠷᠡᠬᠦ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠳᠣᠬᠠᠨ ᠤ ᠠᠶᠠᠨᠴᠢᠳ ᠤᠨ ᠲᠡᠭᠡᠭᠡᠪᠦᠷᠢ | ᠶᠢᠨ ᠱᠤᠭᠤᠮ ᠤᠨ ᠲᠣᠤᠷ 16 ᠰᠢᠶᠠᠩ ᠪᠠᠯᠭᠠᠰᠤ ᠰᠤᠮᠤ ᠶᠢᠨ 222 ᠪᠠᠶᠢᠭᠤᠯᠤᠯᠳᠠᠲᠤ ᠲᠣᠰᠬᠤᠨ ᠢ ᠬᠠᠮᠤᠷᠴᠤ᠂ | ᠪᠠᠶᠢᠭᠤᠯᠤᠯᠳᠠᠲᠤ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠬᠦ ᠨᠣᠷᠮ᠎ᠠ ᠶᠢ 100% ᠳᠤ ᠬᠦᠷᠭᠡᠪᠡ᠃ ᠡᠭᠦᠨ | ᠤ ᠬᠠᠮᠲᠤ ᠪᠠᠰᠠ ᠵᠠᠮ ᠤᠨ ᠠᠶᠠᠨᠴᠢᠳ ᠤᠨ ᠲᠡᠭᠡᠭᠡᠪᠦᠷᠢ ᠬᠢᠭᠡᠳ ᠵᠢᠭᠤᠯᠴᠢᠯᠠᠯ ᠤᠨ ᠠᠵᠤ ᠦᠶᠯᠡᠰ ᠤᠨ ᠭᠦᠨᠵᠡᠭᠡᠶ | ᠠᠭᠤᠰᠤᠯᠴᠠᠯ ᠢ ᠠᠬᠢᠭᠤᠯᠵᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠨᠡᠶᠢᠲᠡ ᠶᠢᠨ ᠮᠠᠰᠢᠨ | ᠲᠡᠷᠭᠡ ᠶᠢ ᠨᠢᠭᠡ ᠴᠣᠭᠴᠠᠵᠢᠭᠤᠯᠤᠨ ᠡᠵᠡᠩᠨᠡᠬᠦ ᠰᠢᠨ᠎ᠡ ᠵᠠᠭᠪᠤᠷ ᠢ ᠰᠦᠪᠡᠭᠴᠢᠯᠡᠨ ᠦᠶᠯᠡᠳᠦᠯᠭᠡᠵᠢᠭᠦᠯᠵᠦ᠂ ᠣᠲᠣ | ᠨᠢᠭᠡᠨᠲᠡ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ 8 ᠵᠤᠷᠪᠤᠰ ᠨᠡᠪᠲᠡᠷᠡᠭᠦᠯᠵᠦ᠂ | ᠰᠢᠨ ᠬᠤᠶ ᠭᠤᠤᠯ ᠬᠤᠲᠠ ᠲᠣᠭᠤᠷᠢᠭ ᠤᠨ 50 ᠺᠢᠯᠣᠮᠧᠲᠷ ᠤᠨ ᠬᠡᠪᠴᠢᠶ᠎ᠡ ᠶᠢ ᠬᠠᠮᠤᠷᠪᠠ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠣᠷ ᠰᠦᠯᠵᠢᠶᠡᠨ ᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠡᠯ᠎ᠡ ᠠᠵᠢᠯ ᠦᠢᠯᠡᠰ ᠤᠨ ᠥᠷᠨᠢᠩᠭᠦᠢ ᠬᠥᠭᠵᠢᠯᠲᠡ ᠶᠢ ᠲᠦᠯᠬᠢᠨ | ᠠᠬᠢᠭᠤᠯᠵᠤ᠂ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ᠂ ᠠᠷᠠᠯᠵᠢᠶ᠎ᠠ ᠬᠤᠳᠠᠯᠳᠤᠭᠠᠨ ᠤ ᠵᠢᠵᠢᠭᠯᠡᠨ | ᠪᠣᠷᠣᠯᠠᠭᠤᠯᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠨᠢ ᠵᠠᠰᠠᠮᠠᠯ ᠵᠠᠮ ᠤᠨ ᠦᠷᠭᠦᠯᠵᠢᠯᠡᠬᠦ ᠶᠢ ᠳᠠᠭᠠᠯᠳᠤᠨ | ᠬᠥᠳᠡᠭᠡ ᠲᠣᠰᠬᠤᠨ ᠳᠤ ᠣᠷᠣᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ | ᠵᠠᠮ ᠢ ᠥᠷᠭᠡᠳᠬᠡᠪᠡ᠃ ᠣᠳᠣᠬᠠᠨ ᠳᠤ᠂ ᠪᠥᠬᠦ ᠬᠤᠰᠢᠭᠤᠨ ᠳᠤ ᠨᠢᠭᠡᠨᠲᠡ ᠬᠤᠰᠢᠭᠤ ᠱᠠᠲᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠲᠥᠪ ᠢ 1 ᠪᠠᠶᠢᠭᠤᠯᠵᠤ᠂ ᠬᠤᠰᠢᠭᠤ ᠱᠠᠲᠤᠨ ᠤ ᠪᠠᠷᠠᠭᠠᠨ ᠤ | ᠭᠦᠢᠯᠭᠡᠭᠡ ᠶᠢᠨ ᠬᠤᠪᠢᠶᠠᠨ ᠢᠯᠭᠠᠬᠤ ᠲᠥᠪ ᠢ 2 ᠪᠠᠶᠢᠭᠤᠯᠵᠤ᠂ ᠰᠢᠶᠠᠩ ᠪᠠᠯᠭᠠᠰᠤ ᠰᠤᠮᠤ ᠶᠢᠨ ᠪᠠᠷᠠᠭᠠᠨ ᠤ | ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠥᠷᠲᠡᠭᠡ 16᠂ ᠲᠣᠰᠬᠤᠨ ᠤ ᠱᠠᠲᠤᠨ ᠤ ᠪᠠᠷᠠᠭᠠᠨ ᠤ ᠭᠦᠢᠯᠭᠡᠭᠡ ᠶᠢᠨ | ᠲᠣᠤᠷ ᠴᠡᠭ 222 ᠪᠠᠶᠢᠵᠤ᠂ ᠪᠠᠷᠠᠭᠠᠨ ᠤ ᠭᠦᠶᠯᠭᠡᠭᠡᠨ ᠤ ᠥᠪᠡᠷ ᠤᠨ ᠥᠷᠲᠡᠭ ᠨᠢ ᠥᠩᠭᠡᠷᠡᠭᠰᠡᠨ ᠤ ᠬᠢ ᠠᠴᠠ | 30% ᠪᠠᠷ ᠪᠠᠭᠤᠷᠠᠵᠤ᠂ ᠣᠨᠴᠠ ᠭᠠᠷᠤᠯᠲᠠ ᠶᠢᠨ ᠰᠢᠨ᠎ᠡ ᠵᠢᠵᠢᠭᠯᠡᠨ ᠬᠤᠳᠠᠯᠳᠤᠬᠤ ᠪᠡᠶᠡᠴᠢᠯᠡᠨ ᠣᠶᠢᠯᠠᠭᠠᠬᠤ | ᠳᠡᠯᠭᠡᠭᠦᠷ 30᠂ ᠦᠶᠯᠡᠴᠢᠯᠡᠭᠡᠨ ᠤ ᠥᠷᠲᠡᠭᠡ 180 ᠪᠠᠶᠢᠵᠤ᠂ ᠨᠠᠷᠠᠲᠤ ᠲᠡᠮᠳᠡᠭᠲᠦ ᠡᠯᠧᠺᠲᠷᠣᠨ ᠬᠤᠳᠠᠯᠳᠤᠭᠠᠨ ᠤ | ᠠᠵᠤ ᠠᠬᠤᠶᠢᠯᠠᠯ ᠢ 20 ᠪᠣᠶᠢᠵᠢᠭᠤᠯᠪᠠ᠃ ᠡᠯᠧᠺᠲᠷᠣᠨ ᠬᠤᠳᠠᠯᠳᠤᠭᠠᠨ ᠤ ᠲᠠᠪᠴᠠᠩ ᠳᠤ ᠲᠦᠰᠢᠭᠯᠡᠨ᠂ ᠪᠥᠬᠦ | ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠵᠢᠯ ᠳᠤ 70 ᠲᠦᠮᠡ ᠵᠦᠢᠯ ᠵᠠᠬ᠎ᠠ ᠲᠡᠯᠭᠡᠭᠦᠷ ᠲᠤ ᠭᠠᠷᠭᠠᠵᠤ᠂ | ︽ᠠᠤᠬᠠᠨ ᠤ ᠨᠠᠷᠢᠮᠤ︾ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠨᠣᠷᠮ᠎ᠠ ᠳ᠋ᠦᠩᠰᠢᠭᠤᠷ ᠲᠥᠭᠦᠷᠢᠭ ᠢ | ᠳᠠᠪᠠᠪᠠ᠃ | | | | | | | | |