ᠬᠥᠯᠥᠨ ᠪᠤᠶᠢᠷ ᠬᠤᠲᠠ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠠᠵᠢᠯᠯᠠᠵᠤ ᠬᠠᠮᠲᠤᠷᠠᠨ ᠬᠥᠳᠡᠯᠦᠯᠴᠡᠵᠦ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2024/6/4
    ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠯᠠᠪᠳᠠᠯᠢᠨ ᠶᠡᠭᠡ ᠠᠩᠭᠢ ᠬᠠᠮᠢᠶ᠎ᠠ ᠪᠦᠬᠦᠢ ᠨᠢᠭᠡᠴᠢ ᠲᠠᠢ ᠬᠠᠮᠲᠤᠷᠠᠨ ᠠᠵᠢᠯᠯᠠᠵᠤ ᠬᠥᠳᠡᠯᠦᠯᠴᠡᠬᠦ ᠠᠵᠢᠯ ᠢ ᠥᠷᠨᠢᠭᠦᠯᠵᠦ᠂ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃    ᠲᠣᠰ ᠤᠳᠠᠭᠠᠨ ᠤ ᠬᠠᠮᠲᠤᠷᠠᠨ ᠠᠵᠢᠯᠯᠠᠵᠤ ᠬᠠᠮᠲᠤᠷᠠᠨ ᠬᠥᠳᠡᠯᠦᠯᠴᠡᠬᠦ ᠠᠵᠢᠯ ᠳᠤ ︽ᠬᠠᠮᠲᠤᠷᠠᠨ ᠵᠢᠭᠰᠠᠭᠠᠨ ᠪᠠᠶᠢᠴᠠᠭᠠᠬᠤ᠂ ᠲᠥᠰᠦᠯ ᠢ ᠬᠠᠮᠲᠤᠷᠠᠨ ᠵᠥᠪᠳᠡᠯᠴᠡᠬᠦ᠂ ᠬᠠᠷᠢᠭᠤᠴᠠᠯᠭ᠎ᠠ ᠬᠤᠪᠢᠶᠠᠨ ᠵᠠᠰᠠᠬᠤ᠂ ᠦᠨᠡᠯᠡᠨ ᠵᠢᠱᠢᠵᠦ ᠰᠢᠯᠭᠠᠨ ᠠᠪᠬᠤ︾ ᠵᠠᠷᠴᠢᠮ ᠢ ᠪᠠᠷᠢᠮᠲᠠᠯᠠᠵᠤ᠂ ᠭᠤᠤᠯ ᠱᠤᠭᠤᠮ ᠤᠨ ᠵᠠᠰᠠᠮᠠᠯ ᠵᠠᠮ ᠤᠨ ᠠᠳᠡᠯ ᠣᠯᠠᠨ ᠭᠠᠷᠳᠠᠭ ᠵᠠᠮ ᠤᠨ ᠬᠡᠰᠡᠭ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠤᠨ ᠲᠣᠭᠲᠠᠴᠠ ᠶᠢ ᠬᠠᠮᠲᠣ ᠪᠠᠷ ᠪᠠᠶᠢᠭᠤᠯᠵᠤ᠂ ᠡᠳᠦᠷ ᠲᠤᠲᠤᠮ ᠤᠨ ᠨᠡᠪᠲᠡᠷᠡᠯᠴᠡᠨ ᠬᠠᠮᠵᠢᠯᠴᠠᠬᠤ ᠶᠢ ᠭᠤᠤᠯᠳᠠᠯᠭ᠎ᠠ ᠲᠠᠢ ᠴᠢᠩᠭᠠᠳᠬᠠᠨ᠂ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠬᠤ ᠲᠥᠰᠦᠯ ᠢ ᠬᠠᠮᠲᠤᠷᠠᠨ ᠬᠢᠨᠠᠨ ᠲᠣᠭᠲᠠᠭᠠᠵᠤ ᠦᠨᠡᠯᠡᠬᠦ ᠵᠢᠴᠢ ᠰᠢᠮᠳᠠᠭᠤᠯᠤᠨ ᠪᠠᠶᠢᠴᠠᠭᠠᠬᠤ᠂ ᠪᠣᠷᠣᠭᠠᠨ ᠴᠠᠰᠤ ᠮᠥᠰᠥᠲᠦᠯᠭᠡ ᠵᠡᠷᠭᠡ ᠮᠠᠭᠤ ᠠᠭᠤᠷ ᠠᠮᠢᠰᠬᠤᠯ ᠵᠢᠴᠢ ᠭᠠᠵᠠᠷ ᠤᠨ ᠭᠠᠮᠰᠢᠭ ᠵᠡᠷᠭᠡ ᠭᠡᠨᠡᠳᠲᠡ ᠶᠢᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠡᠳ᠋ ᠪᠣᠳᠠᠰ ᠨᠥᠭᠡᠴᠡᠯᠡᠬᠦ᠂ ᠪᠡᠯᠡᠳᠬᠡᠮᠵᠢ ᠲᠥᠬᠦᠭᠡᠷᠦᠮᠵᠢ ᠶᠢ ᠲᠣᠬᠢᠷᠠᠭᠤᠯᠬᠤ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ᠂ ᠵᠠᠮ ᠬᠠᠷᠢᠯᠴᠠᠭᠠᠨ ᠤ ᠠᠳᠡᠯ ᠤᠨ ᠲᠤᠬᠠᠶ ᠶᠢᠨ  ᠭᠠᠵᠠᠷ ᠲᠤ ᠲᠦᠷᠭᠡᠨ ᠲᠤᠰᠬᠠᠵᠤ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢᠨ ᠬᠠᠷᠰᠢ ᠰᠠᠭᠠᠳ ᠢ ᠠᠷᠢᠯᠭᠠᠬᠤ ᠪᠠ ᠵᠢᠯᠣᠭᠤᠳᠤᠨ ᠲᠣᠬᠢᠷᠠᠭᠤᠯᠬᠤ᠂ ᠵᠠᠰᠠᠮᠠᠯ ᠵᠠᠮ ᠤᠨ ᠠᠳᠡᠯ ᠣᠯᠠᠨ ᠭᠠᠷᠳᠠᠭ ᠵᠠᠮ ᠤᠨ ᠬᠡᠰᠡᠭ ᠵᠢᠴᠢ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠭᠡᠮ ᠢ ᠬᠠᠮᠲᠤᠷᠠᠨ ᠵᠢᠭᠰᠠᠭᠠᠨ ᠪᠠᠶᠢᠴᠠᠭᠠᠬᠤ᠂ ᠵᠠᠰᠠᠬᠤ ᠲᠥᠰᠦᠯ ᠢ ᠲᠣᠭᠲᠠᠭᠠᠬᠤ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠵᠦ ᠰᠢᠯᠭᠠᠨ ᠠᠪᠬᠤ᠂ ᠣᠨᠴᠠᠭᠠᠶ ᠵᠠᠮ ᠤᠨ ᠬᠡᠰᠡᠭ᠂ ᠣᠨᠴᠠᠭᠠᠶ ᠴᠠᠭ ᠬᠤᠭᠤᠴᠠᠭ᠎ᠠ᠂ ᠣᠨᠴᠣᠭᠤᠢ ᠠᠭᠤᠷ ᠠᠮᠢᠰᠬᠤᠯ᠂ ᠣᠨᠴᠠᠭᠠᠶ ᠬᠡᠷᠡᠭ ᠤᠨ ᠨᠥᠬᠦᠴᠡᠯ ᠳᠣᠤᠷ᠎ᠠ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠨ᠎ᠡ᠃    ᠠᠵᠢᠯ ᠤᠨ ᠳᠤᠮᠳᠠ᠂ ᠬᠠᠮᠢᠶ᠎ᠠ ᠪᠥᠬᠦᠶ ᠨᠢᠭᠡᠴᠢ ᠠᠳᠡᠯ ᠤᠨ ᠰᠡᠷᠡᠮᠵᠢ ᠶᠢᠨ ᠪᠠᠶᠢᠳᠠᠯ ᠢ ᠲᠣᠭᠤᠷᠢᠨ ᠪᠠᠶᠢᠴᠠᠭᠠᠬᠤ ᠪᠤᠶᠤ ᠭᠥᠯᠢᠶᠡᠨ ᠠᠪᠴᠤ ᠮᠡᠳᠡᠭᠦᠯᠬᠦ ᠳᠤ ᠵᠠᠮ ᠤᠨ ᠬᠦᠷᠦᠩᠭᠡ ᠶᠢᠨ ᠬᠤᠬᠢᠷᠠᠯ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠮᠡᠳᠡᠭᠡ ᠵᠠᠩᠭᠢ ᠶᠢ ᠬᠠᠷᠢᠶ᠎ᠠ ᠣᠷᠣᠨ ᠤ ᠠᠷᠠᠴᠢᠯᠠᠨ ᠬᠠᠮᠠᠭᠠᠯᠠᠬᠤ ᠨᠢᠭᠡᠴᠢ ᠳᠤ ᠮᠡᠳᠡᠭᠳᠡᠬᠦ ᠶᠢᠨ ᠬᠠᠮᠲᠤ ᠰᠠᠶᠢᠲᠤᠷ ᠳᠡᠩᠰᠡᠯᠡᠵᠦ᠂ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭᠠᠨ ᠤ ᠠᠳᠡᠯ ᠢ ᠬᠠᠷᠢᠭᠤᠴᠠᠨ ᠪᠠᠶᠢᠴᠠᠭᠠᠨ ᠰᠢᠢᠳᠪᠦᠷᠢᠯᠡᠵᠦ᠂ ᠠᠳᠡᠯ ᠤᠨ ᠲᠤᠬᠠᠶ ᠶᠢᠨ ᠭᠠᠵᠠᠷ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠠᠮ ᠤᠨ ᠬᠦᠷᠦᠩᠭᠡ ᠶᠢᠨ ᠬᠤᠬᠢᠷᠠᠯ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠵᠠᠮ ᠤᠨ ᠬᠥᠷᠥᠩᠭᠡ ᠵᠠᠮ ᠤᠨ ᠡᠷᠬᠡ ᠶᠢ ᠬᠠᠮᠲᠤ ᠪᠠᠷ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠮᠥᠷᠥ ᠵᠡᠷᠭᠡᠴᠡᠨ ᠪᠠᠶᠢᠯᠳᠤᠵᠤ᠂ ᠬᠠᠮᠲᠤᠷᠠᠨ ᠠᠵᠢᠯᠯᠠᠵᠤ ᠬᠠᠮᠲᠤᠷᠠᠨ ᠬᠥᠳᠡᠯᠦᠯᠴᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠵᠤ᠂ ᠨᠡᠶᠢᠭᠡᠮ ᠨᠡᠶᠢᠲᠡ ᠳᠤ ᠨᠡᠩ ᠠᠮᠤᠷ ᠲᠦᠪᠰᠢᠨ᠂ ᠰᠠᠭᠠᠳ ᠦᠭᠡᠢ᠂ ᠲᠠᠭᠠᠯᠠᠮᠵᠢᠲᠠᠢ᠂ ᠴᠢᠨᠠᠷ ᠰᠠᠶᠢᠲᠠᠢ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号