ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/6/4
     5 ᠳ᠋ᠤᠭᠠᠷ ᠰᠠᠷ᠎ᠠ ᠶᠢᠨ 31᠎ ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ       ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 2024 ᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠎ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃
202406041121.jpg
     ᠬᠤᠷᠠᠯ ᠠᠴᠠ᠂ ᠪᠦᠬᠦ ᠠᠵᠢᠯ ᠲᠦᠷᠦᠯ ᠤᠨ ᠬᠢᠨ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠎ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠎ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠤᠯᠠᠮ ᠴᠢᠨᠠᠭᠰᠢᠳᠠ ᠭᠦᠨᠵᠡᠭᠡᠢ ᠰᠤᠷᠤᠯᠴᠠᠵᠤ᠂ ᠨᠡᠪᠳᠡᠷᠡᠳᠡᠯ᠎ᠡ ᠣᠶᠢᠯᠠᠭᠠᠵᠤ᠂ ᠪᠣᠳᠠᠲᠠᠶᠢᠵᠢᠭᠤᠯᠬᠤ ᠬᠡᠷᠡᠭᠲᠡᠢ᠃ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠳᠣᠬᠢ ᠪᠠᠶᠢᠳᠠᠯ ᠳᠤ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠵᠤ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠳᠤᠲᠠᠭᠤᠳᠠᠯ ᠢᠶᠠᠨ ᠣᠨᠣᠪᠴᠢᠲᠠᠶ ᠡᠷᠢᠵᠦ᠂ ᠲᠥᠯᠥᠪᠵᠢᠭᠦᠯᠭᠡ ᠶᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠎ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠶ᠃ ︽ᠨᠠᠶᠮᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾᠎ ᠶᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠤ ᠠᠬᠢᠭᠤᠯᠬᠤ ᠲᠥᠰᠦᠯ ᠢ ᠤᠷᠢᠳᠴᠢᠯᠠᠨ ᠲᠥᠰᠦᠪᠯᠡᠨ ᠰᠤᠳᠤᠯᠵᠤ᠂ ᠦᠷᠭᠦᠯᠵᠢᠯᠡᠨ ᠬᠦᠴᠦᠯᠡᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠯ᠎ᠡ ᠵᠦᠶᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠮᠠᠨ ᠤ ᠣᠷᠣᠨ ᠤ       ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠠᠷᠪᠠᠨ ᠵᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳ᠋ᠦᠩᠨᠡᠨ ᠤᠬᠠᠭᠤᠯᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠰᠤᠳᠤᠯᠤᠨ ᠬᠡᠷᠡᠭᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ︽ᠪᠡᠭᠡᠵᠢᠩ ᠳᠤ ᠣᠴᠢᠵᠤ ᠶᠠᠮᠤᠨ ᠳᠤ ᠬᠦᠷᠬᠦ︾ ᠡᠷᠴᠢᠮ ᠢᠶᠠᠨ ᠴᠢᠩᠭᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠶᠠᠷ ᠵᠢᠯ ᠤᠨ ᠡᠯ᠎ᠡ ᠵᠦᠶᠯ ᠎ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ︽ᠳᠥᠷᠪᠡᠨ ᠰᠠᠶᠢᠨ ᠬᠥᠳᠡᠭᠡ ᠲᠣᠰᠬᠤᠨ ᠎ ᠤ ᠵᠠᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号