︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠰᠢᠯᠢ ᠶᠢᠨ ᠭᠤᠤᠯ ᠠᠶᠢᠮᠠᠭ᠄ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ ᠪᠣᠶ
ᠨᠡᠶᠢᠲᠡᠯᠡᠭᠰᠡᠨ ᠴᠠᠭ᠄
2024/6/5
202406051830.jpg 
     306 ᠤᠯᠤᠰ ᠤᠨ ᠵᠠᠮ ᠤᠨ ᠪᠠᠯᠭᠠᠷᠭᠤᠤᠯ ᠠᠴᠠ ᠤᠯᠢᠶᠠᠰᠤᠲᠠᠢ ᠬᠥᠷᠬᠦ ᠵᠠᠰᠠᠮᠠᠯ ᠵᠠᠮ᠃     ᠰᠢᠯᠢ ᠶᠢᠨ ᠭᠤᠤᠯ ᠤᠨ ᠲᠠᠯ᠎ᠠ ᠨᠤᠲᠤᠭ ᠲᠤ ᠵᠢᠭᠤᠯᠴᠢᠯᠠᠯ ᠤᠨ ᠰᠢᠵᠢᠷ ᠠᠯᠲᠠᠨ ᠴᠠᠭ ᠬᠤᠭᠤᠴᠠᠭ᠎ᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠃ ᠡᠨᠡ ᠦᠶ᠎ᠡ ᠪᠣᠯ ᠪᠠᠰᠠ ᠴᠤ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠴᠠᠭ ᠦᠶ᠎ᠡ ᠮᠥᠨ᠂ 306 ᠤᠯᠤᠰ ᠤᠨ ᠵᠠᠮ ᠤᠨ ᠪᠠᠯᠭᠠᠷᠭᠤᠤᠯ ᠠᠴᠠ ᠤᠯᠢᠶᠠᠰᠤᠲᠠᠢ ᠬᠥᠷᠬᠦ ᠬᠡᠰᠡᠭ ᠲᠤ ᠣᠲᠣ ᠶᠠᠭ ᠰᠡᠷᠭᠡᠶᠢᠯᠡᠨ ᠬᠠᠮᠠᠭᠠᠯᠠᠵᠤ ᠤᠰᠤ ᠲᠠᠲᠠᠷᠠᠭᠤᠯᠬᠤ ᠰᠡᠭᠦᠯᠴᠢ ᠶᠢᠨ ᠪᠠᠷᠢᠯᠭ᠎ᠠ ᠶᠢ ᠬᠢᠵᠦ ᠪᠠᠶᠢᠨ᠎ᠠ᠃ 111.4 ᠺᠢᠯᠣᠮᠧᠲᠷ ᠤᠷᠲᠤ ᠵᠠᠰᠠᠮᠠᠯ ᠵᠠᠮ ᠳᠡᠭᠡᠷ᠎ᠡ ᠲᠡᠷᠭᠡ ᠳᠠᠪᠬᠢᠨ᠂ ᠵᠠᠮ ᠳᠠᠭᠠᠤ ᠶᠢᠨ ᠥᠷᠭᠡᠨ ᠠᠭᠤᠳᠠᠮ ᠪᠠᠶᠠᠯᠢᠭ ᠨᠤᠲᠤᠭ ᠲᠤ ᠦᠬᠡᠷ ᠬᠤᠨᠢ ᠲᠠᠷᠬᠠᠨ ᠪᠡᠯᠴᠢᠵᠦ᠂ ᠶᠠᠭ ᠵᠢᠷᠤᠭ ᠮᠡᠲᠦ ᠪᠠᠶᠢᠳᠠᠭ᠃      ᠨᠢᠳᠤᠨᠤᠨ ᠤ 12 ᠳ᠋ᠤᠭᠠᠷ ᠰᠠᠷ᠎ᠠ ᠶᠢᠨ 7 ᠤ ᠡᠳᠦᠷ᠂ ᠪᠠᠯᠭᠠᠷᠭᠤᠤᠯ ᠠᠴᠠ ᠤᠯᠢᠶᠠᠰᠤᠲᠠᠢ ᠬᠥᠷᠬᠦ ᠬᠡᠰᠡᠭ ᠨᠢ ᠲᠡᠷᠭᠡ ᠨᠡᠪᠲᠡᠷᠡᠵᠦ ᠲᠤᠷᠰᠢᠨ ᠡᠵᠡᠩᠨᠡᠪᠡ᠂ ᠢᠩᠭᠢᠭᠡᠳ 306 ᠤᠯᠤᠰ ᠤᠨ ᠵᠠᠮ ᠤᠨ ᠰᠢᠯᠢ ᠶᠢᠨ ᠭᠤᠤᠯ ᠠᠶᠢᠮᠠᠭ  ᠤᠨ ᠬᠢᠯᠢ ᠳᠣᠲᠣᠷᠠᠬᠢ 245 ᠺᠢᠯᠣᠮᠧᠲᠷ ᠤᠨ ᠵᠠᠮ ᠤᠨ ᠬᠡᠰᠡᠭ ᠲᠤ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ 306 ᠤᠯᠤᠰ ᠤᠨ ᠵᠠᠮ ᠤᠨ ᠮᠠᠨ ᠤ ᠣᠷᠣᠨ ᠤ ᠬᠢᠯᠢ ᠳᠣᠲᠣᠷᠠᠬᠢ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠢ ᠨᠡᠪᠲᠡᠷᠡᠭᠦᠯᠵᠦ᠂ ᠵᠡᠭᠦᠨ ᠬᠠᠲᠠᠪᠴᠢ ᠪᠣᠭᠤᠮᠲᠠ ᠬᠢᠭᠡᠳ ᠯᠢᠶᠣᠤᠨᠢᠩ ᠤᠨ ᠵᠢᠨᠵᠧᠦ ᠭᠠᠷᠠᠮ ᠤᠨ ᠳᠡᠭᠡᠳᠦ ᠲᠠᠰ  ᠤᠨ ᠵᠠᠰᠠᠮᠠᠯ ᠵᠠᠮ ᠢ ᠬᠤᠯᠪᠣᠨ ᠨᠡᠪᠲᠡᠷᠡᠭᠦᠯᠦᠭᠡᠳ᠂ ᠨᠢᠭᠡ ᠵᠤᠷᠪᠤᠰ ᠪᠠᠷᠠᠭᠠᠨ ᠤ ᠲᠡᠭᠡᠭᠡᠪᠦᠷᠢ ᠶᠢᠨ ᠶᠡᠭᠡ ᠨᠡᠪᠲᠡᠷᠡᠬᠦ ᠵᠠᠮ ᠢᠯᠡᠳᠲᠡ ᠬᠡᠯᠪᠡᠷᠢᠵᠢᠭᠰᠡᠨ ᠢ ᠬᠠᠷᠠᠭᠤᠯᠵᠤ ᠪᠣᠶ᠃      ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ  ᠤᠨ ᠰᠢᠯᠢ ᠶᠢᠨ ᠭᠤᠣᠯ ᠶᠡᠭᠡ ᠬᠥᠭᠦᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠬᠡᠳᠦᠨ ᠠᠷᠪᠠᠨ ᠠᠵᠢᠯᠴᠢᠨ ᠬᠥᠭᠦᠷᠭᠡ ᠶᠢᠨ ᠭᠠᠳᠠᠷᠭᠤ ᠶᠢ ᠳᠡᠪᠢᠰᠴᠦ᠂ ᠪᠤᠯᠤᠳ ᠰᠢᠷᠪᠥᠰᠥ ᠶᠢ ᠭᠠᠩᠨᠠᠨ ᠤᠶᠠᠵᠤ ᠪᠠᠶᠢᠯ᠎ᠠ᠃ ᠶᠡᠭᠡ ᠬᠥᠭᠦᠷᠭᠡ ᠶᠢᠨ ᠵᠡᠭᠦᠨ ᠲᠠᠯ᠎ᠠ ᠪᠠᠷ ᠶᠠᠪᠤᠬᠤ ᠵᠠᠮ ᠨᠢ ᠠᠩᠬᠠᠨ ᠤ ᠳᠦᠷᠰᠦ ᠢᠯᠡᠷᠡᠵᠦ᠂ ᠪᠠᠷᠠᠭᠤᠨ ᠲᠠᠯ᠎ᠠ ᠪᠠᠷ ᠶᠠᠪᠤᠬᠤ ᠵᠠᠮ ᠤᠨ ᠠᠪᠳᠠᠷᠠᠯᠢᠭ ᠨᠢᠷᠤᠭᠤ ᠶᠢ ᠶᠠᠭ ᠤᠷᠢᠳᠴᠢᠯᠠᠨ ᠬᠢᠵᠦ ᠪᠠᠶᠢᠨ᠎ᠠ᠃      1 ᠺᠢᠯᠣᠮᠧᠲᠷ ᠤᠨ ᠴᠠᠭᠠᠨᠠᠬᠢ᠂ ᠵᠠᠮ ᠤᠨ ᠬᠡᠰᠡᠭ ᠲᠤ ᠨᠥᠭᠦᠭᠡ ᠨᠢᠭᠡ ᠬᠥᠭᠦᠷᠭᠡ ᠶᠢ ᠴᠦ ᠪᠠᠴᠢᠮ ᠪᠠᠶᠢᠭᠤᠯᠵᠤ ᠪᠠᠶᠢᠨ᠎ᠠ᠃ ᠡᠨᠡ ᠬᠦ ᠰᠢᠯᠢ ᠶᠢᠨ ᠭᠤᠣᠯ ᠬᠠᠷᠢᠯᠴᠠᠨ ᠨᠡᠪᠲᠡᠷᠡᠬᠦ ᠵᠠᠮ ᠰᠤᠨᠳᠠᠯᠠᠭᠰᠠᠨ ᠬᠥᠭᠦᠷᠭᠡ ᠨᠢ ᠰᠢᠨ᠎ᠡ ᠮᠡᠷᠭᠡᠵᠢᠯ ᠢ ᠬᠡᠷᠡᠭᠯᠡᠵᠦ᠂ ᠣᠳᠣᠬᠠᠨ ᠤ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠲᠤᠬᠠᠢ ᠶᠢᠨ ᠲᠠᠯᠠᠪᠠᠢ ᠳᠤ ᠴᠢᠳᠬᠤᠭᠰᠠᠨ ᠬᠥᠭᠦᠷᠭᠡ ᠪᠠᠶᠢᠵᠤ᠂ ᠵᠢᠱᠢᠯᠲᠡ ᠪᠠᠷ 7 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ  ᠢᠶᠠᠨ ᠳᠠᠭᠤᠰᠬᠠᠬᠤ ᠪᠣᠯᠤᠨ᠎ᠠ᠃      ᠰᠢᠯᠢ ᠶᠢᠨ ᠭᠤᠣᠯ ᠣᠷᠣᠨ ᠢᠶᠠᠷ ᠡᠪᠦᠯ ᠬᠠᠬᠢᠷ ᠬᠦᠢᠲᠡᠨ ᠪᠠᠶᠢᠵᠤ᠂ ᠵᠢᠯ ᠪᠦᠷᠢ ᠶᠢᠨ ᠪᠠᠷᠢᠯᠭ᠎ᠠ ᠶᠢᠨ ᠠᠵᠢᠯ ᠤᠨ ᠬᠤᠭᠤᠴᠠᠭ᠎ᠠ 7 ᠰᠠᠷ᠎ᠠ ᠭᠠᠷᠤᠶᠢᠬᠠᠨ ᠪᠠᠶᠢᠳᠠᠭ᠃ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ᠂ 207 ᠤᠯᠤᠰ ᠤᠨ ᠵᠠᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ ᠤᠨ ᠲᠦᠷᠦᠯ ᠵᠦᠢᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠪᠡ᠃  ᠬᠠᠪᠤᠷ ᠤᠨ ᠴᠠᠭ ᠢ ᠠᠮᠵᠢᠵᠤ᠂ 150 ᠭᠠᠷᠤᠶ ᠠᠵᠢᠯᠴᠢᠨ ᠵᠢᠯ ᠤᠨ ᠡᠴᠦᠰ ᠤᠨ ᠵᠠᠮ ᠬᠠᠷᠢᠯᠴᠠᠭᠠᠨ ᠤ ᠮᠠᠰᠢᠨ ᠲᠡᠷᠭᠡ ᠨᠡᠪᠲᠡᠷᠡᠬᠦ ᠬᠠᠷᠠᠯᠲᠠ ᠶᠢᠨ ᠲᠥᠯᠥᠭᠡ ᠡᠷᠡᠯᠬᠡᠭᠯᠡᠨ ᠲᠡᠮᠡᠴᠡᠵᠦ ᠪᠠᠶᠢᠨ᠎ᠠ᠃
202406051831.jpg
     ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ  ᠤᠨ ᠰᠢᠯᠢ ᠶᠢᠨ ᠭᠤᠤᠯ ᠶᠡᠭᠡ ᠬᠥᠭᠦᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ᠃      ᠡᠨᠡ ᠬᠡᠰᠡᠭ 5.7 ᠺᠢᠯᠣᠮᠧᠲᠷ ᠤᠷᠳᠤ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠪᠣᠯ ᠳ᠋ᠠᠨᠳᠦ᠋ᠩ ᠠᠴᠠ ᠰᠢᠯᠢᠩᠬᠤᠲᠠ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠪᠣᠯᠤᠨ ᠬᠠᠶᠢᠯᠠᠷ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠢ ᠬᠤᠯᠪᠣᠬᠤ ᠢᠨᠵᠧᠨᠧᠷᠢᠩ ᠪᠣᠯᠤᠨ᠎ᠠ᠂ ᠡᠷᠬᠢᠨ ᠲᠣᠭᠤᠷᠢᠨ ᠢᠶᠠᠷ ᠨᠢ ᠰᠢᠯᠢᠩᠬᠤᠲᠠ ᠶᠢᠨ ᠤᠷᠭᠤᠮᠠᠯ ᠤᠨ ᠬᠦᠷᠢᠶᠡᠯᠡᠩ᠂ ᠨᠤᠭᠤ ᠭᠠᠵᠠᠷ ᠤᠨ ᠴᠡᠴᠡᠷᠯᠢᠭ᠂ ᠤᠰᠤᠨ ᠴᠥᠭᠦᠷᠥᠮ ᠵᠡᠷᠭᠡ ᠵᠤᠭᠠᠴᠠᠯ ᠤᠨ ᠦᠵᠡᠮᠵᠢ ᠶᠢᠨ ᠭᠠᠵᠠᠷ ᠪᠠᠶᠢᠨ᠎ᠠ᠃ ᠲᠡᠷᠭᠡ ᠨᠡᠪᠲᠡᠷᠡᠭᠰᠡᠨ ᠤ ᠳᠠᠷᠠᠭ᠎ᠠ᠂ ᠲᠣᠮᠣ ᠬᠡᠯᠪᠡᠷᠢ ᠶᠢᠨ ᠲᠡᠷᠭᠡ ᠬᠤᠲᠠ ᠶᠢᠨ ᠲᠣᠭᠤᠷᠢᠭ ᠲᠤ ᠣᠷᠣᠬᠤ ᠪᠠᠨ ᠪᠤᠯᠢᠵᠤ᠂ ᠬᠤᠲᠠ ᠶᠢᠨ ᠲᠣᠭᠤᠷᠢᠭ ᠢᠶᠠᠷ ᠥᠩᠭᠡᠷᠡᠬᠦ ᠵᠠᠮ ᠬᠠᠷᠢᠯᠴᠠᠭᠠᠨ ᠤ ᠳᠠᠷᠤᠯᠲᠠ ᠶᠢ ᠶᠡᠭᠡ ᠪᠠᠷ ᠬᠦᠩᠭᠡᠷᠡᠭᠦᠯᠬᠦ ᠪᠥᠭᠡᠳ ᠡᠷᠬᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠳᠤ ᠲᠥᠬᠦᠮ ᠦᠵᠡᠭᠦᠯᠬᠦ ᠪᠣᠯᠤᠨ᠎ᠠ᠃
202406051832.jpg
     207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ ᠤᠨ ᠰᠢᠯᠢ ᠶᠢᠨ ᠭᠤᠤᠯ ᠬᠠᠷᠢᠯᠴᠠᠨ ᠨᠡᠪᠲᠡᠷᠡᠬᠦ ᠱᠤᠭᠤᠮ ᠠᠯᠤᠰᠯᠠᠭᠰᠠᠨ ᠬᠥᠭᠦᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ᠃       ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ ᠰᠢᠯᠢᠨᠪᠠᠭᠠᠲᠤᠷ ᠲᠠᠨᠢᠯᠴᠠᠭᠤᠯᠬᠤ ᠳᠤ ᠪᠠᠨ᠂ ᠡᠨᠡ ᠵᠢᠯ ᠪᠥᠬᠦ ᠠᠶᠢᠮᠠᠭ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠳᠤ 18 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠵᠦ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 1100 ᠺᠢᠯᠣᠮᠧᠲᠷ ᠪᠠᠶᠢᠳᠠᠭ᠃ ᠡᠭᠦᠨ ᠳᠤ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠥᠸᠧ ᠽᠢ ᠯᠢᠶᠠᠩ ᠬᠥᠷᠬᠦ᠂ ᠤᠯᠤᠰ ᠤᠨ ᠵᠠᠮ ᠤᠨ 331 ᠱᠤᠭᠤᠮ  ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠢ ᠬᠥᠷᠬᠦ᠂ ᠤᠯᠤᠰ ᠤᠨ ᠵᠠᠮ ᠤᠨ 306 ᠱᠤᠭᠤᠮ ᠤᠨ ᠪᠠᠯᠭᠠᠷᠭᠤᠤᠯ ᠠᠴᠠ ᠤᠯᠢᠶᠠᠰᠤᠲᠠᠢ ᠬᠥᠷᠬᠦ᠂ 304 ᠮᠤᠵᠢ ᠶᠢᠨ ᠵᠠᠮ ᠤᠨ ᠪᠠᠷᠠᠭᠤᠨ ᠬᠠᠭᠤᠷᠠᠢ ᠭᠤᠤ ᠠᠴᠠ ᠵᠥᠩ ᠾᠧ ᠬᠥᠷᠬᠦ 4 ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ ᠲᠥᠷᠥᠯ ᠵᠦᠶᠯ ᠢ ᠪᠦᠬᠦᠨ ᠢ ᠠᠵᠢᠯ ᠰᠡᠷᠭᠦᠭᠡᠵᠦ᠂ ᠡᠨᠡ ᠵᠢᠯ ᠪᠥᠲᠥᠭᠡᠨ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠦᠨ᠎ᠡ᠃ ᠰᠢᠨ᠎ᠡ ᠪᠠᠷ ᠠᠵᠢᠯ ᠡᠬᠢᠯᠡᠭᠦᠯᠦᠭᠰᠡᠨ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠳᠣᠲᠣᠷ᠎ᠠ᠂ ᠤᠯᠤᠰ ᠤᠨ ᠵᠠᠮ ᠤᠨ 331 ᠱᠤᠭᠤᠮ ᠤᠨ ᠷᠠᠰᠢᠶᠠᠨᠪᠤᠯᠠᠭ ᠠᠴᠠ ᠪᠡᠯᠭᠦᠳᠡᠶ ᠬᠦᠷᠬᠦ ᠬᠡᠰᠡᠭ ᠤᠨ ᠵᠠᠰᠠᠮᠠᠯ ᠵᠠᠮ᠂ ᠣᠳᠣᠬᠠᠨ ᠳᠤ ᠰᠠᠭᠤᠭ᠎ᠠ ᠭᠠᠵᠠᠷ ᠪᠠ ᠪᠧᠲ᠋ᠤᠨ ᠵᠢᠭᠤᠷᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠪᠠᠷᠢᠯᠭ᠎ᠠ ᠶᠢᠨ ᠠᠵᠢᠯ ᠤᠨ ᠳᠥᠭᠦᠮ ᠵᠠᠮ ᠤᠨ ᠶᠡᠷᠦᠩᠬᠡᠶ ᠬᠡᠮᠵᠢᠶ᠎ᠡ ᠶᠢᠨ 96% ︵108 ᠺᠢᠯᠣᠮᠧᠲᠷ︶ ᠶᠢ ᠪᠡᠶᠡᠯᠡᠭᠦᠯᠵᠦ᠂ ᠵᠠᠮ ᠤᠨ ᠰᠠᠭᠤᠷᠢ  ᠶᠢᠨ ᠰᠢᠷᠣᠶ ᠴᠢᠯᠠᠭᠤ ᠵᠢᠴᠢ ᠬᠥᠭᠦᠷᠭᠡ ᠶᠢᠨ ᠭᠤᠯᠳᠤᠩ ᠤᠨ ᠳᠣᠣᠷᠠᠳᠤ ᠬᠡᠰᠡᠭ ᠤᠨ ᠪᠠᠷᠢᠯᠭ᠎ᠠ ᠶᠢᠨ ᠠᠵᠢᠯ ᠢ ᠶᠠᠭ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ︔ 305 ᠤᠯᠤᠰ ᠤᠨ ᠵᠠᠮ ᠤᠨ ᠬᠥᠨᠳᠡᠯᠡᠨ ᠠᠴᠠ ᠪᠠᠶᠠᠨᠬᠤᠸᠠ ᠬᠥᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠨᠢᠭᠡᠨᠲᠡ ᠲᠠᠯᠠᠪᠠᠶ ᠳᠤ ᠣᠷᠣᠵᠤ᠂ ᠰᠠᠭᠤᠭ᠎ᠠ ᠭᠠᠵᠠᠷ᠂ ᠵᠢᠭᠤᠷᠠᠬᠤ ᠲᠠᠯᠠᠪᠤᠷ ᠥᠷᠲᠡᠭᠡ᠂ ᠪᠠᠷᠢᠯᠭ᠎ᠠ ᠶᠢᠨ ᠠᠵᠢᠯ ᠤᠨ ᠲᠥᠬᠦᠮ ᠵᠠᠮ ᠵᠡᠷᠭᠡ ᠲᠦᠷ ᠴᠠᠭ ᠤᠨ ᠭᠠᠵᠠᠷ ᠬᠡᠷᠡᠭᠯᠡᠬᠦ ᠭᠠᠷᠳᠠᠮ ᠢ ᠭᠦᠶᠴᠡᠳᠬᠡᠵᠦ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号