ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠤᠰᠤᠭᠠᠷ ᠴᠢᠩᠭᠠᠳᠬᠠᠪᠠ
ᠨᠡᠶᠢᠲᠡᠯᠡᠭᠰᠡᠨ ᠴᠠᠭ᠄
2024/7/10
    ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠠᠶᠢᠷᠢᠯᠠᠭᠤᠯᠤᠯᠲᠠ ᠬᠢᠵᠦ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠣᠶᠢᠷ᠎ᠠ ᠶᠢᠨ ᠵᠢᠯ ᠤᠨ ᠲᠤᠷᠰᠢ᠂ ᠮᠠᠨ ᠤ ᠤᠯᠤᠰ ᠤᠨ ᠡᠯ᠎ᠡ ᠲᠥᠷᠥᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠪᠠᠶᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ ᠭᠡᠪᠡᠴᠦ᠂ ᠴᠥᠭᠡᠨ ᠲᠣᠭᠠᠨ ᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠦᠨᠡᠨᠴᠢ ᠢᠲᠡᠭᠡᠮᠵᠢᠲᠡᠶ ᠡᠵᠡᠩᠨᠡᠬᠦ ᠦᠵᠡᠯ ᠤᠬᠠᠮᠰᠠᠷ ᠳᠤᠲᠠᠮᠠᠭ ᠪᠠᠶᠢᠵᠤ᠂ ︽ᠰᠦᠢᠳᠬᠡᠯ ᠬᠤᠷᠢᠶᠠᠬᠤ ᠠᠷᠤ ᠶᠢᠨ ᠦᠰᠦᠭ︾ ᠤᠨ ᠦᠵᠡᠭᠳᠡᠯ ᠣᠷᠣᠰᠢᠵᠤ᠂ ᠴᠢᠨᠠᠭᠰᠢᠯᠠᠪᠠᠯ ᠦᠨᠡᠮᠯᠡᠯ ᠢᠶᠠᠨ ᠢᠯᠡ ᠦᠨ᠎ᠡ ᠬᠠᠳᠠᠵᠤ ᠬᠤᠳᠠᠯᠳᠤᠭᠠᠯᠠᠵᠤ᠂ ᠠᠵᠤ ᠠᠬᠤᠶ ᠶᠢᠨ ᠬᠡᠪ ᠤᠨ ᠡᠮᠬᠢ ᠳᠢᠭᠯᠢᠮ ᠢ ᠬᠠᠷᠰᠢᠯᠠᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠲᠣᠭᠤᠷᠢᠨ ᠢ ᠡᠪᠳᠡᠭᠰᠡᠨ ᠪᠠᠶᠢᠨ᠎ᠠ᠃ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠲᠦᠭᠰᠢᠭᠦᠷᠢ ᠶᠢᠨ ᠳᠠᠯᠳᠠ ᠬᠡᠮ ᠢ ᠨᠡᠯᠢᠶᠡᠳ ᠣᠯᠠᠨ ᠢᠯᠡᠷᠡᠭᠦᠯᠬᠦ ᠬᠡᠰᠡᠭ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠠᠩᠬᠠᠷᠤᠯ ᠢᠶᠠᠨ ᠲᠥᠪᠯᠡᠷᠡᠭᠦᠯᠦᠨ ᠬᠠᠨᠳᠤᠯᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠨᠢᠭᠡ ᠪᠦᠯᠦᠭ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠨᠢᠭᠡ ᠪᠦᠯᠦᠭ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠬᠦ ᠶᠢᠨ ᠬᠠᠮᠲᠤ ᠳᠡᠩᠰᠡᠯᠡᠨ ᠲᠡᠮᠳᠡᠭᠯᠡᠬᠦ᠂ ᠵᠠᠷ ᠮᠡᠳᠡᠭᠡ ᠶᠢ ᠬᠢᠨᠠᠨ ᠬᠠᠮᠢᠶᠠᠷᠬᠤ᠂ ᠭᠠᠭᠴᠠᠭᠠᠷ ᠡᠵᠡᠮᠰᠢᠯ ᠢ ᠡᠰᠡᠷᠭᠦᠴᠡᠵᠦ ᠬᠠᠤᠯᠢ ᠬᠡᠷᠡᠭᠵᠢᠭᠦᠯᠬᠦ᠂ ᠰᠦᠢᠳᠬᠡᠯ ᠬᠤᠷᠢᠶᠠᠬᠤ ᠬᠠᠮᠢᠶᠠᠷᠤᠯᠲᠠ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃                           ᠮᠡᠳᠡᠭᠡ ᠵᠠᠩᠭᠢ ᠶᠢᠨ ᠢᠷᠡᠯᠲᠡ᠄ ᠳᠤᠮᠳᠠᠳᠤ ᠤᠯᠤᠰ ᠤᠨ ᠶᠠᠰᠤ ᠴᠢᠨᠠᠷ ᠤᠨ ᠰᠣᠨᠢᠨ   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号