ᠲᠤᠰᠬᠠᠢ ᠪᠣᠯᠪᠠᠰᠤᠷᠠᠭᠤᠯᠤᠯ ᠨᠢ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/11
    7 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠣᠷᠣᠯᠴᠠᠪᠠ᠃
20240711.jpg
    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠠᠵᠠᠷ ᠤᠨ ᠳᠡᠭᠡᠳᠦ ᠵᠡᠷᠭᠡ ᠶᠢᠨ ᠢᠨᠵᠧᠨᠧᠷ ᠵᠠᠩ ᠬᠤᠩ ᠴᠢᠶᠠᠩ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠤ ᠲᠠᠶᠢᠯᠤᠮᠵᠢ ᠬᠢᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ᠂ ᠬᠥᠮᠥᠷᠭᠡ ᠳᠤ ᠣᠷᠣᠭᠤᠯᠬᠤ᠂ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ᠂ ᠪᠠᠯᠠ ᠮᠥᠩᠭᠦ ᠶᠢᠨ ᠬᠠᠮᠢᠶᠠᠷᠤᠯᠲᠠ᠂ ᠰᠢᠯᠭᠠᠨ ᠠᠪᠬᠤ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠶᠠᠪᠤᠴᠠ ᠳᠠᠬᠢ ᠵᠢᠷᠤᠮᠵᠢᠯ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ ᠪᠥᠭᠡᠳ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠪᠠᠷ ᠳᠡᠮᠵᠢᠨ᠂ ᠡᠯ᠎ᠡ ᠨᠢᠭᠡᠴᠢ ᠶᠢᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠳᠤ ᠯᠠᠪᠯᠠᠯᠲᠠ ᠬᠠᠩᠭᠠᠪᠠ᠃ ᠲᠢᠩᠬᠢᠮ ᠤᠨ ᠡᠳ᠋ ᠤᠨ ᠶᠠᠪᠤᠳᠠᠯ ᠤᠨ ᠭᠠᠵᠠᠷ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠱᠠᠭᠠᠷᠳᠠᠯᠭ᠎ᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠪᠣᠯᠤᠨ ᠠᠵᠢᠯ ᠤᠨ ᠳᠤᠮᠳᠠ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠵᠠᠳᠠᠯᠤᠯᠲᠠ ᠬᠢᠵᠡᠶ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号