ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠵᠢᠴᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ ᠮᠡᠷᠭᠡᠵᠢᠯ  ᠢ ᠤᠬᠠᠭᠤᠯᠤᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/16
    7 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠪᠠᠶᠢᠷᠢᠯᠠᠭᠤᠯᠤᠯᠲᠠ ᠵᠢᠴᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ ᠮᠡᠷᠭᠡᠵᠢᠯ ᠢ ᠤᠬᠠᠭᠤᠯᠤᠨ ᠲᠤᠭᠤᠰᠢᠯᠠᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠵᠢᠴᠢ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃
1.jpg
   ᠬᠤᠷᠠᠯ ᠠᠴᠠ᠂ ︽ᠲᠤᠯᠤᠭᠠᠨ ᠰᠠᠷ᠎ᠠ ᠶᠢᠨ ᠰᠡᠭᠦᠯᠴᠢ ᠨᠠᠶᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠤᠨ ᠮᠠᠭᠠᠳᠯᠠᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠲᠦᠭᠰᠢᠭᠦᠷᠢᠲᠦ ᠪᠠᠶᠢᠳᠠᠯ ᠢ ᠡᠷᠡᠰ ᠰᠢᠭᠤᠷᠬᠠᠶ ᠪᠠᠷ ᠲᠣᠭᠲᠠᠭᠠᠨ ᠰᠢᠶᠳᠪᠦᠷᠢᠯᠡᠬᠦ ᠬᠡᠷᠡᠭᠲᠡᠶ︔ ᠲᠠᠰᠤᠷᠠᠭᠰᠠᠨ ᠵᠠᠮ ᠭᠠᠮᠰᠢᠭ ᠤᠨ ᠬᠤᠬᠢᠷᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠠᠵᠢᠯ ᠢᠶᠠᠨ ᠵᠣᠯᠭᠠᠭᠤᠯᠬᠤ ᠪᠠ ᠮᠡᠳᠡᠭᠡ ᠵᠠᠩᠭᠢ ᠪᠠᠨ ᠨᠡᠪᠲᠡᠷᠡᠯᠴᠡᠬᠦ ᠶᠢ ᠦᠨᠡᠨ ᠬᠦ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤ ᠨᠢ ᠥᠨᠳᠥᠷ ᠪᠦᠲᠦᠮᠵᠢᠲᠡᠶ ᠪᠠᠷ ᠠᠷᠭᠠᠴᠠᠬᠤ ᠬᠡᠷᠡᠭᠲᠡᠶ︔ ᠵᠢᠵᠢᠭᠦᠷᠯᠡᠨ ᠰᠠᠬᠢᠵᠤ᠂ ᠠᠷᠠᠳ ᠣᠯᠠᠨ  ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠠᠵᠢᠯ ᠤᠨ ᠤᠯᠤᠰ ᠲᠥᠷᠥ  ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠵᠠᠰᠠᠮᠠᠯ ᠵᠠᠮ ᠤᠨ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ᠂ ᠠᠶᠤᠯ ᠠᠴᠠ ᠠᠪᠤᠷᠠᠨ ᠲᠤᠰᠠᠯᠠᠬᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ  ᠢᠶᠠᠨ ᠰᠠᠶᠢᠲᠤᠷ ᠬᠢᠵᠦ᠂ ᠵᠠᠰᠠᠮᠠᠯ ᠵᠠᠮ ᠤᠨ ᠲᠣᠤᠷ ᠤᠨ ᠠᠵᠢᠯᠯᠠᠭᠠᠨ ᠤ ᠲᠣᠭᠲᠠᠭᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ︔ ᠠᠶᠤᠯ ᠲᠦᠭᠰᠢᠭᠦᠷᠢ ᠶᠢᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠥᠬᠡᠶ ᠲᠠᠯ᠎ᠠ ᠶᠢ ᠦᠨᠡᠨ ᠬᠦ ᠲᠣᠳᠣᠷᠬᠠᠶ ᠲᠠᠨᠢᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠦᠶᠡᠷ ᠤᠨ ᠬᠤᠭᠤᠴᠠᠭᠠᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠲᠠᠶᠢᠪᠤᠰᠢᠷᠠᠬᠤ ᠦᠵᠡᠯ ᠰᠠᠨᠠᠭ᠎ᠠ᠂ ᠭᠤᠷᠢᠳᠠᠬᠤ ᠪᠣᠳᠣᠯ᠂ ᠰᠤᠯᠠᠷᠠᠬᠤ ᠪᠣᠳᠣᠯ ᠢ ᠲᠡᠪᠴᠢᠵᠦ᠂  ︽ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠬᠠᠤ᠂ ᠶᠡᠭᠡ ᠭᠠᠮᠰᠢᠭ ᠠᠴᠠ ᠠᠪᠤᠷᠬᠠᠤ︾ ᠳᠤ ᠰᠠᠭᠤᠷᠢᠯᠠᠨ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠯ᠎ᠡ ᠵᠦᠶᠯ ᠤᠨ ᠠᠵᠢᠯ ᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ ᠭᠡᠵᠦ ᠱᠠᠭᠠᠷᠳᠠᠪᠠ᠃     ᠬᠤᠷᠠᠯ ᠳᠡᠭᠡᠷ᠎ᠡ᠂ ᠸᠢᠳᠢᠣ᠋ ᠶᠢᠨ ᠬᠡᠯᠪᠡᠷᠢ ᠪᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠰᠠᠮᠠᠯ ᠵᠠᠮ  ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠬᠦ ᠮᠡᠷᠭᠡᠵᠢᠯ ᠤᠨ ᠭᠤᠤᠯᠳᠠᠯᠭ᠎ᠠ︾᠂ ︽ᠵᠠᠰᠠᠮᠠᠯ ᠵᠠᠮ ᠤᠨ ᠬᠠᠵᠠᠭᠤ ᠬᠥᠲᠥᠯ ᠤᠨ ᠭᠠᠮᠰᠢᠭ ᠢ ᠬᠢᠨᠠᠨ ᠬᠡᠮᠵᠢᠬᠦ ᠮᠡᠷᠭᠡᠵᠢᠯ  ᠤᠨ ᠭᠤᠤᠯᠳᠠᠯᠭ᠎ᠠ︾᠂ ︽ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠵᠠᠮ ᠬᠠᠷᠢᠯᠴᠠᠭᠠᠨ ᠤ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ ᠤᠨ ᠠᠵᠢᠯᠯᠠᠭᠠᠨ ᠤ ᠲᠠᠨᠢᠯᠴᠠᠭᠤᠯᠭ᠎ᠠ︾ ᠶᠢ ᠰᠤᠷᠤᠯᠴᠠᠨ ᠤᠬᠠᠭᠤᠯᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠮᠠᠯ ᠵᠠᠮ ᠤᠨ ᠭᠠᠮᠰᠢᠭ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠲᠤᠭ᠎ᠠ ᠪᠠᠷᠢᠮᠲᠠ ᠴᠤᠭᠯᠠᠭᠤᠯᠬᠤ᠂ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠡᠯ᠎ᠡ ᠵᠦᠶᠯ ᠤᠨ ᠠᠵᠢᠯ ᠢ ᠨᠠᠩ ᠰᠠᠶᠢᠲᠤᠷ ᠠᠬᠢᠭᠤᠯᠤᠨ᠎ᠠ︔ ᠵᠠᠰᠠᠮᠠᠯ ᠵᠠᠮ ᠤᠨ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠮᠠᠯ ᠵᠠᠮ ᠤᠨ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠢᠯᠭᠠᠨ ᠲᠠᠨᠢᠬᠤ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᡁᠢ ᠴᠢᠤᠸᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃     ᠬᠡᠰᠡᠭ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ᠂ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号