ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ ︽ᠣᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ︿ᠨᠢᠭᠡ ᠪᠠᠷᠢᠮᠲᠠ ᠶᠢᠨ ᠲᠦᠷᠢᠮ﹀ ︿ᠨᠢᠭᠡ ᠴᠢᠩᠬᠡᠯᠢᠭ ᠤᠨ ᠲᠦᠷᠢᠮ﹀ ᠤᠨ | ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ | ᠲᠥᠰᠦᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ | ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ | ᠠᠯᠬᠤᠮ ᠠᠬᠢᠭᠤᠯᠵᠤ᠂ ᠨᠡᠩ ᠰᠠᠶᠢᠨ ᠦᠢᠯᠡᠴᠢᠯᠡᠭᠡ ᠪᠠᠷ ︽ᠡᠳ᠋ ᠪᠣᠳᠠᠰ ᠢ ᠰᠠᠭᠠᠳ ᠥᠬᠡᠶ ᠨᠡᠪᠲᠡᠷᠡᠭᠦᠯᠬᠦ︾ ᠶᠢ | ᠪᠡᠶᠡᠯᠡᠭᠦᠯᠬᠦ ᠳᠤ ᠲᠤᠯᠭᠠᠭᠤᠷᠢᠯᠠᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ | ᠲᠤᠷᠰᠢᠯᠲᠠ ᠶᠢᠨ ᠴᠡᠭ ᠤᠨ ᠠᠵᠢᠯ ᠢ ᠴᠢᠨᠠᠷ ᠰᠠᠶᠢᠲᠠᠢ ᠠᠬᠢᠭᠤᠯᠤᠨ᠎ᠠ᠃ | ︽ᠬᠡᠷᠡᠭᠵᠢᠭᠦᠯᠬᠦ ᠲᠥᠰᠦᠯ︾ ᠳᠤ ᠵᠢᠷᠭᠤᠭᠠᠨ ᠲᠠᠯ᠎ᠠ ᠠᠴᠠ ᠭᠤᠣᠯ ᠡᠭᠦᠷᠭᠡ ᠶᠢ ᠳᠤᠷᠠᠳᠤᠨ ᠭᠠᠷᠭᠠᠪᠠ | ᠨᠢᠭᠡ ᠳᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠵᠤ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠲᠡᠮᠦᠷ ᠵᠠᠮ᠂ ᠵᠠᠰᠠᠮᠠᠯ ᠵᠠᠮ ᠵᠡᠷᠭᠡ ᠶᠢᠨ ᠲᠤᠭ᠎ᠠ ᠪᠠᠷᠢᠮᠲᠠ ᠶᠢ ᠴᠢᠯᠥᠭᠡᠲᠡᠶ | ᠪᠣᠯᠭᠠᠬᠤ ᠶᠢ ᠠᠬᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠮᠡᠳᠡᠭᠡ ᠵᠠᠩᠭᠢ ᠶᠢᠨ ᠬᠤᠷᠠᠮᠠᠯ | ᠦᠶᠯᠡᠴᠢᠯᠡᠭᠡᠨ ᠤ ᠬᠥᠭᠵᠢᠯᠲᠡ ᠶᠢ ᠳᠡᠮᠵᠢᠵᠦ᠂ ᠪᠠᠷᠢᠮᠵᠢᠶᠠᠵᠢᠭᠰᠠᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ | ᠶᠢᠨ ᠡᠯᠧᠺᠲᠷᠣᠨ ᠲᠡᠭᠡᠭᠡᠪᠦᠷᠢ ᠶᠢᠨ ᠪᠠᠷᠢᠮᠲᠠ ᠶᠢ ᠳᠡᠯᠭᠡᠷᠡᠭᠦᠯᠦᠨ᠂ ᠮᠡᠳᠡᠭᠡ ᠵᠠᠩᠭᠢᠴᠢᠯᠠᠯᠲᠠ᠂ ᠡᠯᠧᠺᠲᠷᠤᠨᠵᠢᠯᠳᠡ | ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠤᠭ᠎ᠠ ᠪᠠᠷᠢᠮᠲᠠ | ᠶᠢᠨ ᠮᠡᠳᠡᠭᠡ ᠵᠠᠩᠭᠢ ᠶᠢᠨ ᠪᠠᠬᠢᠯᠡᠯᠲᠡ ᠶᠢ ᠨᠡᠪᠲᠡᠷᠡᠭᠦᠯᠦᠨ᠎ᠡ᠃ | ᠬᠤᠶᠠᠷ ᠲᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠳᠦᠷᠢᠮ︾ | ᠤᠨ ᠦᠢᠯᠡᠴᠢᠯᠡᠭᠡᠨ ᠤ ᠴᠢᠳᠠᠮᠵᠢ ᠶᠢ ᠬᠥᠭᠵᠢᠭᠦᠯᠦᠨ᠎ᠡ᠃ ᠲᠡᠮᠦᠷ ᠵᠠᠮ ᠢᠶᠠᠷ ᠭᠤᠤᠯ ᠪᠣᠯᠭᠠᠭᠰᠠᠨ ᠣᠯᠠᠨ ᠬᠡᠯᠪᠡᠷᠢ | ᠶᠢᠨ ᠬᠠᠮᠲᠤᠷᠠᠭᠰᠠᠨ ᠲᠡᠭᠡᠭᠡᠪᠦᠷᠢ ᠶᠢᠨ ᠬᠠᠭᠤᠳᠠᠰᠤ ᠪᠠᠷᠢᠮᠲᠠ ᠶᠢᠨ ᠪᠣᠳᠠᠰ ᠤᠨ ᠡᠷᠬᠡ ᠶᠢ ᠰᠦᠪᠡᠭᠴᠢᠯᠡᠨ ᠠᠬᠢᠭᠤᠯᠵᠤ᠂ | ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾ ᠤᠨ ᠮᠥᠩᠭᠦᠨ | ᠭᠦᠶᠯᠭᠡᠭᠡᠨ ᠤ ᠳᠠᠭᠠᠳᠬᠠᠯ ᠤᠨ ᠦᠶᠯᠡᠴᠢᠯᠡᠭᠡ ᠶᠢ ᠬᠥᠭᠵᠢᠭᠦᠯᠦᠨ᠂ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾ ᠤᠨ ᠪᠣᠭᠤᠮᠲᠠ ᠪᠠᠷ ᠥᠩᠭᠡᠷᠡᠬᠦ ᠶᠢᠨ ᠬᠢᠨᠠᠯᠲᠠ ᠬᠠᠮᠢᠶᠠᠷᠤᠯᠲᠠ | ᠶᠢ ᠰᠢᠯᠢᠳᠡᠭᠵᠢᠭᠦᠯᠦᠨ᠎ᠡ᠃ | ᠭᠤᠷᠪᠠ ᠳᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠴᠢᠩᠭᠡᠯᠢᠭ ᠤᠨ ᠲᠦᠷᠢᠮ︾ ᠤᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠵᠠᠮ ᠵᠠᠭᠤᠷ᠎ᠠ ᠴᠢᠩᠭᠡᠯᠢᠭ ᠰᠣᠯᠢᠬᠤ ᠥᠬᠡᠶ︾ | ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ︽ᠪᠥᠬᠦ ᠶᠠᠪᠤᠴᠠ ᠳᠤ ᠴᠢᠩᠭᠡᠯᠢᠭ ᠨᠡᠭᠡᠭᠡᠬᠦ ᠥᠬᠡᠶ︾ | ᠴᠤᠪᠤᠷᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ︽ᠨᠢᠭᠡ ᠴᠢᠩᠭᠡᠯᠢᠭ ᠢᠶᠠᠷ ᠡᠴᠦᠰ ᠲᠤ ᠲᠤᠯᠲᠠᠯ᠎ᠠ ᠬᠦᠷᠭᠡᠬᠦ︾ | ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠥᠷᠪᠡ ᠳᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠶᠡᠭᠡ ᠪᠠᠷ | ᠪᠣᠶᠢᠵᠢᠭᠤᠯᠤᠨ᠎ᠠ᠃ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ︾ ᠲᠠᠢ ᠤᠶᠠᠯᠳᠤᠭᠤᠯᠤᠨ᠂ ᠣᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠠᠮᠢᠶ᠎ᠠ ᠪᠥᠬᠦᠶ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠪᠠᠶᠢᠭᠠᠳ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠭᠤᠣᠯᠯᠠᠭᠴᠢ ᠠᠵᠤ ᠠᠬᠤᠶᠢᠯᠠᠯ ᠤᠨ ᠣᠯᠠᠨ ᠬᠡᠯᠪᠡᠷᠢ | ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠵᠣᠷᠢᠭᠵᠢᠭᠤᠯᠤᠨ᠎ᠠ᠃ | | ᠲᠠᠪᠤ ᠳᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠠᠵᠤ ᠠᠬᠤᠶ ᠶᠢᠨ ᠲᠣᠭᠤᠷᠢᠭ᠂ ᠮᠠᠨᠵᠤᠤᠷ᠂ | ᠡᠷᠢᠶᠡᠨ ᠬᠤᠲᠠ᠂ ᠭᠠᠭᠴᠠᠮᠤᠳᠤ᠂ ᠴᠡᠭᠡ᠂ ᠮᠠᠨᠳᠤᠯ ᠴᠢᠬᠤᠯᠠ ᠪᠣᠭᠤᠮᠲᠠ ᠶᠢᠨ ᠠᠵᠤ ᠠᠬᠤᠶ ᠶᠢᠨ ᠪᠦᠰᠡ ᠶᠢᠨ | ᠨᠡᠶᠢᠲᠡᠯᠢᠭ ᠵᠢᠱᠢᠶ᠎ᠡ ᠶᠢᠨ ᠠᠬᠤᠶ ᠲᠠᠯᠠᠪᠠᠶ ᠳᠤ ︽ᠨᠢᠭᠡ ᠪᠠᠷᠢᠮᠲᠠ ᠶᠢᠨ ᠲᠦᠷᠢᠮ︾᠂ ︽ᠨᠢᠭᠡ ᠴᠢᠩᠬᠡᠯᠢᠭ ᠤᠨ | ᠲᠦᠷᠢᠮ︾ ᠤᠨ ᠬᠡᠷᠡᠭᠯᠡᠯᠲᠡ ᠶᠢ ᠠᠬᠢᠭᠤᠯᠤᠨ᠎ᠠ᠃ | ᠵᠢᠷᠭᠤᠭ᠎ᠠ ᠳᠤ᠂ ᠠᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠵᠤ | ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ᠃ |