ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 2024 ᠣᠨ | ᠤ ᠤᠯᠤᠰ ᠤᠨ ᠵᠠᠰᠠᠮᠠᠯ ᠵᠠᠮ ᠤᠨ ᠰᠦᠯᠵᠢᠶᠡᠨ ᠤ ᠮᠡᠷᠭᠡᠵᠢᠯ ᠤᠨ ᠪᠠᠶᠢᠳᠠᠯ ᠢ ᠬᠢᠨᠠᠨ ᠬᠡᠮᠵᠢᠬᠦ ᠠᠵᠢᠯ ᠤᠨ | ᠨᠡᠪᠲᠡᠷᠡᠯᠴᠡᠭᠡ ᠰᠣᠯᠢᠯᠴᠠᠭᠠᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠵᠠᠮ ᠤᠨ ᠰᠦᠯᠵᠢᠶ᠎ᠡ ᠶᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ | ᠰᠢᠶᠳᠪᠦᠷᠢᠯᠡᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠭᠳᠠᠬᠤ ᠬᠥᠭᠦᠷᠭᠡ ᠨᠦᠬᠡᠨ ᠵᠠᠮ ᠢ ᠬᠠᠮᠢᠶᠠᠷᠤᠨ | ᠠᠷᠠᠴᠢᠯᠠᠬᠤ ᠨᠢᠭᠡᠴᠢ ᠯᠦᠭᠡ ᠨᠡᠪᠲᠡᠷᠡᠯᠴᠡᠨ ᠰᠣᠯᠢᠯᠴᠠᠵᠤ᠂ ᠮᠠᠨ ᠤ ᠣᠷᠣᠨ ᠤ ᠲᠠᠷᠠᠭᠠᠴᠢ ᠶᠢᠨ ᠠᠯᠬᠤᠮ ᠤᠨ | ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠳᠤ ᠰᠠᠨᠠᠯ ᠰᠠᠨᠠᠭᠤᠯᠭ᠎ᠠ ᠳᠤᠷᠠᠳᠤᠨ᠎ᠠ᠃ | | | | 7 ᠳ᠋ᠤᠭᠠᠷ ᠰᠠᠷ᠎ᠠ ᠶᠢᠨ 11 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2024 ᠣᠨ ᠤ | ᠤᠯᠤᠰ ᠤᠨ ᠵᠠᠰᠠᠮᠠᠯ ᠵᠠᠮ ᠤᠨ ᠰᠦᠯᠵᠢᠶᠡᠨ ᠤ ᠮᠡᠷᠭᠡᠵᠢᠯ ᠤᠨ ᠪᠠᠶᠢᠳᠠᠯ ᠢ ᠬᠢᠨᠠᠨ ᠬᠡᠮᠵᠢᠬᠦ ᠠᠵᠢᠯ ᠤᠨ ᠥᠪᠥᠷ | ᠮᠣᠩᠭᠤᠯ ᠤᠨ ᠥᠷᠲᠡᠭᠡ ᠲᠡᠭᠦᠰ ᠠᠮᠵᠢᠯᠲᠠ ᠲᠠᠢ ᠲᠡᠭᠦᠰᠪᠡ᠃ ᠲᠣᠰ ᠤᠳᠠᠭᠠᠨ ᠤ ᠬᠢᠨᠠᠨ ᠬᠡᠮᠵᠢᠬᠦ ᠠᠵᠢᠯ ᠨᠢ 8 | ᠡᠳᠦᠷ ᠶᠠᠪᠤᠭᠳᠠᠵᠤ᠂ ᠮᠠᠨ ᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠬᠥᠨᠳᠡᠯᠡᠨ | ᠳᠤᠭᠤᠯᠵᠤ᠂ ᠶᠡᠷᠦᠩᠬᠡᠶ ᠠᠶᠠᠯᠠᠭᠰᠠᠨ ᠵᠠᠮ ᠨᠢ 1 ᠲᠦᠮᠡ ᠭᠠᠷᠤᠶ ᠺᠢᠯᠣᠮᠧᠲᠷ ᠲᠤ ᠬᠦᠷᠴᠦ᠂ ᠪᠥᠬᠦ ᠣᠷᠣᠨ ᠤ 7 | ᠠᠶᠢᠮᠠᠭ ᠬᠤᠲᠠ ᠶᠢ ᠬᠠᠮᠤᠷᠴᠤ᠂ ᠡᠩ ᠤᠨ ᠤᠯᠤᠰ ᠤᠨ ᠵᠠᠮ 560 ᠺᠢᠯᠣᠮᠧᠲᠷ᠂ ᠤᠯᠤᠰ ᠤᠨ ᠳᠡᠭᠡᠳᠦ ᠬᠤᠷᠳᠤ | ᠶᠢᠨ ᠵᠠᠰᠠᠮᠠᠯ ᠵᠠᠮ 210 ᠺᠢᠯᠣᠮᠧᠲᠷ᠂ 2 ᠬᠥᠭᠦᠷᠭᠡ᠂ 2 ᠨᠦᠬᠡᠨ ᠵᠠᠮ ᠤᠨ ᠲᠤᠬᠠᠶ ᠶᠢᠨ ᠲᠠᠯᠠᠪᠠᠶ ᠶᠢᠨ ᠰᠢᠯᠭᠠᠨ | ᠪᠠᠶᠢᠴᠠᠭᠠᠯᠲᠠ ᠶᠢ ᠪᠡᠶᠡᠯᠡᠭᠦᠯᠪᠡ᠃ | | | | | | | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠰᠢᠰᠲ᠋ᠧᠮ ᠨᠢ | ᠲᠣᠰ ᠤᠳᠠᠭᠠᠨ ᠤ ᠬᠢᠨᠠᠨ ᠬᠡᠮᠵᠢᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠬᠢᠨᠠᠨ ᠬᠡᠮᠵᠢᠭᠰᠡᠨ ᠦᠷ᠎ᠡ ᠪᠦᠲᠦᠭᠡᠯ | ᠢᠶᠠᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ | ᠪᠣᠯᠭᠠᠨ ᠬᠤᠪᠢᠷᠠᠭᠤᠯᠵᠤ᠂ ᠮᠠᠨ ᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ |