ᠮᠠᠨ ᠤ ᠣᠷᠣᠨ ᠤ ᠠᠷᠪᠠᠨ ᠬᠤᠶᠠᠷ ᠰᠠᠯᠠᠭ᠎ᠠ ᠮᠥᠴᠢᠷ ᠬᠠᠮᠲᠤᠷᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/17
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠠᠷᠪᠠᠨ ᠬᠤᠶᠠᠷ ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ︾         ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶  ᠢ ᠳᠠᠷᠤᠮᠠᠯᠯᠠᠨ ᠲᠠᠷᠬᠠᠭᠠᠪᠠ᠂ ᠮᠠᠨ ᠤ ᠣᠷᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠪᠣᠯᠤᠨ ᠡᠨᠧᠷᠭᠢ ᠶᠢᠨ ᠡᠬᠢ ᠪᠠᠶᠠᠯᠢᠭ  ᠤᠨ ᠳᠠᠪᠠᠭᠤᠯᠢᠭ ᠲᠤ ᠰᠠᠭᠤᠷᠢᠯᠠᠵᠤ᠂ ᠶᠡᠷᠦᠩᠬᠡᠶ ᠴᠣᠭᠴᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠲᠥᠷᠥ  ᠶᠢᠨ ᠪᠣᠳᠣᠯᠭ᠎ᠠ ᠶᠢᠨ ᠳᠡᠮᠵᠢᠯᠭᠡ᠂ ᠵᠣᠬᠢᠴᠠᠭᠤᠯᠤᠨ ᠲᠣᠬᠢᠷᠠᠭᠤᠯᠬᠤ᠂ ᠮᠥᠷᠳᠡᠨ ᠵᠠᠳᠠᠯᠬᠤ ᠵᠡᠷᠭᠡ ᠲᠠᠯ᠎ᠠ ᠠᠴᠠ ᠡᠯ᠎ᠡ ᠵᠦᠶᠯ ᠤᠨ ᠡᠭᠦᠷᠭᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡ ᠶᠢ ᠴᠠᠬᠢᠯᠭᠠᠨᠵᠢᠭᠤᠯᠬᠤ ᠪᠠᠷ ᠣᠷᠣᠯᠠᠭᠤᠯᠬᠤ᠂ ᠬᠠᠭᠤᠴᠢᠷᠠᠭᠰᠠᠨ ᠴᠠᠶᠢᠶ᠋ᠢᠦ  ᠲᠣᠰᠣᠨ ᠤ ᠪᠠᠷᠠᠭ᠎ᠠ ᠶᠢᠨ ᠲᠡᠷᠭᠡ ᠶᠢ ᠲᠠᠶᠠᠭᠳᠠᠨ ᠰᠢᠨᠡᠳᠭᠡᠬᠦ᠂ ᠬᠠᠭᠤᠴᠢᠷᠠᠭᠰᠠᠨ ᠡᠵᠡᠩᠨᠡᠯᠲᠡ ᠶᠢᠨ ᠣᠩᠭᠤᠴᠠ ᠰᠠᠯ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ᠂ ᠲᠡᠮᠦᠷ ᠵᠠᠮ ᠤᠨ ᠪᠤᠬ᠎ᠠ ᠲᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠲᠠᠶᠠᠭᠳᠠᠨ ᠰᠢᠨᠡᠳᠭᠡᠬᠦ᠂ ᠰᠢᠦᠳᠠᠨ ᠪ᠊ ᠲᠦᠷᠭᠡᠨ ᠬᠦᠷᠭᠡᠯᠲᠡ ᠶᠢᠨ ᠬᠠᠭᠤᠴᠢᠨ ᠲᠥᠬᠦᠭᠡᠷᠦᠮᠵᠢ ᠶᠢ ᠣᠷᠣᠯᠠᠬᠤ᠂ ᠪᠠᠷᠠᠭᠠᠨ ᠤ ᠭᠦᠢᠯᠭᠡᠭᠡ ᠶᠢᠨ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ 10 ᠵᠦᠶᠯ ᠤᠨ ᠭᠤᠤᠯᠳᠠᠯᠭ᠎ᠠ  ᠲᠠᠢ ᠡᠭᠦᠷᠭᠡ ᠶᠢ ᠦᠷᠨᠢᠭᠦᠯᠵᠦ᠂ ᠵᠠᠮ ᠬᠠᠷᠢᠯᠴᠠᠭᠠᠨ ᠤ ᠡᠨᠧᠷᠭᠢ ᠶᠢᠨ ᠬᠥᠳᠡᠯᠭᠡᠭᠴᠢ ᠬᠦᠴᠦᠨ ᠤ ᠰᠢᠰᠲ᠋ᠧᠮ ᠤᠨ ᠴᠡᠪᠡᠷᠵᠢᠭᠦᠯᠦᠯᠲᠡ᠂ ᠳᠣᠣᠷ᠎ᠠ ᠨᠡᠭᠦᠷᠡᠰᠦᠵᠢᠬᠦ᠂ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠵᠤ᠂ ᠠᠵᠢᠯ ᠲᠥᠷᠥᠯ ᠤᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃     ︽ᠬᠡᠷᠡᠭᠵᠢᠭᠦᠯᠬᠦ ᠲᠥᠰᠦᠯ︾ ᠳᠤ᠂ 2028 ᠣᠨ ᠪᠣᠯᠬᠤ ᠳᠤ᠂ ᠤᠯᠤᠰ ᠤᠨ ᠭᠤᠷᠪᠠᠳᠤᠭᠠᠷ ᠵᠢᠴᠢ ᠲᠡᠭᠦᠨ  ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠡᠵᠡᠩᠨᠡᠯᠲᠡ ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠦᠨᠳᠦᠰᠦᠨ ᠳᠤ ᠪᠠᠨ ᠲᠠᠶᠠᠭᠳᠠᠨ᠎ᠠ︔ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠬᠠᠷᠢᠴᠠᠯ ᠢ 75% ᠠᠴᠠ ᠳᠡᠭᠡᠭᠰᠢ ᠳᠤ ᠬᠦᠷᠦᠭᠦᠯᠦᠨ᠎ᠡ︔ ᠰᠢᠦᠳᠠᠨ ᠤ ᠵᠦᠢᠯ ᠲᠦᠷᠭᠡᠨ ᠬᠦᠷᠭᠡᠬᠦ ᠵᠦᠢᠯ ᠤᠨ ᠠᠶᠦᠯᠭᠦᠢ ᠶᠢᠨ ᠪᠠᠶᠢᠴᠠᠭᠠᠯᠲᠠ ᠶᠢᠨ ᠣᠶᠤᠨᠴᠢ ᠲᠥᠬᠦᠭᠡᠷᠦᠮᠵᠢ ᠶᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠢᠯᠡᠭᠡᠨ ᠬᠦᠷᠭᠡᠬᠦ ᠬᠦᠷᠢᠶᠡᠨ ᠤ ᠠᠶᠦᠯᠭᠦᠢ ᠶᠢᠨ ᠪᠠᠶᠢᠴᠠᠭᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ︔ ᠳᠣᠬᠢᠭᠤᠷ ᠲᠤᠯᠤᠭᠠᠨ ᠣᠲᠣ ᠠᠶᠠᠯᠠᠯ ᠵᠠᠯᠠᠬᠤ ᠰᠢᠰᠲ᠋ᠧᠮ ᠤᠨ ᠦᠵᠦᠭᠦᠷᠯᠢᠭ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠰᠢᠨ᠎ᠡ ᠡᠨᠧᠷᠭᠢ  ᠶᠢᠨ ᠲᠦᠷᠢᠶᠡᠰᠦᠨ ᠮᠠᠰᠢᠨ ᠲᠡᠷᠭᠡ ᠶᠢ 8000 ᠠᠴᠠ ᠳᠡᠭᠡᠭᠰᠢ ᠳᠡᠯᠭᠡᠷᠡᠭᠦᠯᠦᠨ ᠰᠢᠨᠡᠳᠬᠡᠨ᠎ᠡ︔ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ 34700 ᠠᠴᠠ ᠳᠡᠭᠡᠭᠰᠢ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠪᠠ ᠪᠣᠬᠢᠷᠲᠤᠯ ᠡᠳ᠋ ᠭᠠᠳᠠᠭᠰᠢᠯᠠᠭᠤᠯᠬᠤ ᠬᠦᠴᠦᠯᠡᠴᠡ ᠶᠢ ᠲᠠᠰᠤᠷᠠᠯᠲᠠ ᠥᠬᠡᠶ ᠪᠠᠭᠤᠷᠠᠭᠤᠯᠵᠤ᠂ ᠪᠣᠬᠢᠷᠲᠤᠯ ᠡᠳ᠋ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ ᠭᠡᠵᠤ ᠲᠣᠳᠣᠷᠬᠠᠶᠢᠯᠠᠵᠠᠢ᠃      ᠵᠠᠯᠭᠠᠭᠠᠳ᠂ ᠮᠠᠨ ᠤ ᠣᠷᠣᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠲᠠᠶᠢᠯᠤᠮᠵᠢ ᠬᠢᠬᠦ  ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠵᠤ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠡᠯᠡ ᠮᠥᠩᠭᠦ ᠶᠢᠨ ᠳᠡᠮᠵᠢᠯᠭᠡ ᠪᠠᠨ ᠨᠡᠮᠡᠭᠳᠡᠭᠦᠯᠦᠨ᠂ ᠤᠯᠤᠰ ᠤᠨ ᠬᠠᠭᠤᠴᠢᠷᠠᠭᠰᠠᠨ ᠡᠵᠡᠩᠨᠡᠯᠲᠡ ᠶᠢᠨ ᠲᠡᠷᠭᠡ ᠣᠩᠭᠤᠴᠠ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠡᠯᠡ ᠮᠥᠩᠭᠦ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠵᠦ ᠳᠠᠬᠢᠨ ᠵᠢᠭᠡᠯᠡᠯᠭᠡ ᠬᠢᠬᠦ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠶᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠨ᠂ ᠣᠷᠣᠨ ᠨᠤᠲᠤᠭ ᠤᠨ ᠬᠠᠮᠠᠭᠠᠯᠠᠯᠲᠠ᠂ ᠠᠵᠤ ᠠᠬᠤᠶᠢᠯᠠᠯ ᠤᠨ ᠵᠠᠪᠰᠢᠶᠠᠨ ᠢ ᠳᠠᠯᠢᠮᠳᠠᠭᠤᠯᠤᠨ ᠦᠨ᠎ᠡ ᠥᠰᠬᠡᠬᠦ᠂ ᠲᠣᠭᠲᠠᠭᠠᠯ ᠠᠴᠠ ᠵᠥᠷᠢᠴᠡᠨ ᠮᠡᠬᠡᠯᠡᠨ ᠨᠥᠬᠦᠪᠥᠷᠢᠯᠡᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂ ᠪᠠᠯᠠ ᠮᠥᠩᠭᠦ ᠶᠢᠨ ᠬᠡᠷᠡᠭᠯᠡᠯᠲᠡ ᠨᠢ ᠲᠣᠭᠲᠠᠭᠠᠯ ᠳᠤ ᠨᠡᠶᠢᠴᠡᠬᠦ᠂ ᠰᠢᠨᠡᠳᠬᠡᠭᠰᠡᠨ ᠲᠥᠬᠦᠭᠡᠷᠦᠮᠵᠢ ᠶᠢᠨ ᠶᠠᠰᠤ ᠴᠢᠨᠠᠷ ᠨᠢ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号