2024 ᠣᠨ ᠤ ᠠᠩᠬᠠᠳᠠᠭᠴᠢ ᠪᠦᠯᠦᠭ ᠵᠠᠰᠠᠮᠠᠯ ᠵᠠᠮ ᠤᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/7/18
    2024 ᠣᠨ ᠤ ᠠᠩᠬᠠᠳᠠᠭᠴᠢ ᠪᠦᠯᠦᠭ ᠵᠠᠰᠠᠮᠠᠯ ᠵᠠᠮ ᠤᠨ ᠢᠨᠵᠧᠨᠧᠷᠢᠩ ᠤᠨ ᠶᠠᠰᠤ ᠴᠢᠨᠠᠷ ᠢ      ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠣᠬᠠᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ     ᠠᠯᠪᠠᠨ ᠵᠠᠷᠯᠠᠯ        ᠣᠶᠢᠷ᠎ᠠ ᠳᠤ᠂ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢ ᠵᠣᠬᠢᠶᠠᠨ ᠪᠠᠶᠢᠭᠤᠯᠵᠤ᠂ ᠳᠤᠮᠳᠠᠳᠤ ᠤᠯᠤᠰ ᠤᠨ ᠲᠡᠮᠦᠷ ᠵᠠᠮ ᠤᠨ ᠵᠢᠷᠭᠤᠳᠤᠭᠠᠷ ᠲᠣᠪᠴᠢᠶ᠎ᠠ ᠶᠢᠨ ᠪᠦᠯᠦᠭᠯᠡᠯ ᠤᠨ ᠬᠥᠬᠡᠬᠤᠲᠠ ᠶᠢᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠢᠨᠵᠧᠨᠧᠷᠢᠩ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠬᠤᠪᠢᠶᠠᠷᠢ ᠺᠣᠮᠫᠠᠨᠢ ᠵᠡᠷᠭᠡ ᠶᠠᠰᠤ ᠴᠢᠨᠠᠷ ᠢ ᠪᠠᠶᠢᠴᠠᠭᠠᠨ ᠬᠡᠮᠵᠢᠬᠦ 3 ᠪᠠᠶᠢᠭᠤᠯᠤᠮᠵᠢ ᠶᠢᠨ ᠬᠢᠷᠢ ᠬᠡᠮ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢᠶᠠᠷ ᠳᠠᠮᠵᠢᠭᠤᠯᠤᠨ ᠲᠣᠰ ᠲᠣᠰ 3 ᠲᠤᠰᠬᠠᠶ ᠮᠡᠷᠭᠡᠵᠢᠯᠲᠡᠨ ᠢ ᠰᠣᠩᠭᠤᠨ 3 ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠲᠤᠬᠠᠶ ᠶᠢᠨ ᠲᠠᠯᠠᠪᠠᠢ ᠶᠢᠨ ᠬᠢᠨᠠᠨ ᠰᠢᠯᠭᠠᠯᠲᠠ ᠬᠢᠪᠠ᠃ ᠡᠳᠦᠭᠡ  ᠶᠡᠷᠦᠩᠬᠡᠶᠢᠯᠡᠭᠰᠡᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ  ᠵᠠᠷᠯᠠᠨ  ᠨᠡᠶᠢᠲᠡᠯᠡᠨ᠎ᠡ ︵ᠳᠠᠭᠠᠯᠳᠤᠭᠤᠯᠤᠯ ᠬᠦᠰᠦᠨᠦᠭᠲᠦ ᠳᠤ ᠦᠵᠡ︶᠃     ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠶᠠᠰᠤ ᠴᠢᠨᠠᠷ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠳᠤ ᠬᠡᠷᠪᠡ ᠣᠨᠳᠣᠤ ᠰᠠᠨᠠᠯ ᠲᠠᠢ ᠪᠠᠶᠢᠪᠠᠯ᠂ ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠬᠦ ᠪᠤᠶᠤ ᠭᠤᠮᠣᠳᠠᠯ ᠲᠣᠭᠠᠴᠢᠬᠤ ᠬᠡᠷᠡᠭᠲᠡᠶ᠃ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠵᠦ᠂ ᠢᠯᠡᠴᠢᠯᠡᠨ ᠮᠡᠳᠡᠭᠦᠯᠬᠦ ᠳᠤ ᠨᠠᠷᠢᠨ ᠲᠣᠳᠣᠷᠬᠠᠶ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠵᠤ᠂ ᠬᠠᠷᠭᠤᠭᠤᠯᠤᠨ ᠪᠠᠶᠢᠴᠠᠭᠠᠬᠤ ᠳᠤ ᠲᠥᠬᠦᠮ ᠪᠣᠯᠭᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠣᠨᠳᠣᠣ ᠰᠠᠨᠠᠯ ᠪᠠ ᠵᠠᠷᠯᠠᠨ ᠨᠡᠶᠢᠲᠡᠯᠡᠬᠦ ᠬᠤᠭᠤᠴᠠᠭ᠎ᠠ ᠠᠴᠠ ᠬᠡᠲᠦᠷᠡᠭᠰᠡᠨ ᠣᠨᠳᠣᠣ ᠰᠠᠨᠠᠯ ᠪᠦᠬᠦᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 7 ᠰᠠᠷ᠎ᠠ ᠶᠢᠨ 26 ᠤ ᠡᠳᠦᠷ ᠳᠠᠭᠤᠰᠤᠨ᠎ᠠ᠃    ᠳᠠᠭᠠᠯᠳᠤᠭᠤᠯᠤᠯ᠄ 2024 ᠣᠨ ᠤ ᠠᠩᠬᠠᠳᠠᠭᠴᠢ ᠪᠦᠯᠦᠭ ᠵᠠᠰᠠᠮᠠᠯ ᠵᠠᠮ ᠤᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ    ᠬᠠᠷᠢᠯᠴᠠᠬᠤ ᠬᠥᠮᠦᠨ᠄ ᠶᠠᠩ ᠯᠢ ᠱᠢ  ᠹᠠᠨ ᠢᠦᠶ ᠬᠤᠤ    ᠬᠠᠷᠢᠯᠴᠠᠬᠤ ᠤᠲᠠᠰᠤ᠄ 0471 - 6969040  0471 - 6551886    ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ    ᠰᠢᠤᠳᠠᠨ ᠨᠣᠮᠧᠷ᠄ 010050          ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ               2024 ᠣᠨ ᠤ 7 ᠳ᠋ᠤᠭᠠᠷ ᠰᠠᠷ᠎ᠠ ᠶᠢᠨ 17 ᠤ ᠡᠳᠦᠷ   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号