G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠳᠤ ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ
ᠨᠡᠶᠢᠲᠡᠯᠡᠭᠰᠡᠨ ᠴᠠᠭ᠄
2024/7/23
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
202407181026.jpg
202407181027.jpg
202407181028.jpg
    ᠲᠤᠰᠬᠠᠶ ᠠᠵᠢᠯᠯᠠᠭᠠᠨ ᠤ ᠳᠤᠭᠤᠶᠢᠯᠠᠩ ᠨᠢ ᠲᠡᠷᠭᠡ ᠵᠣᠭᠰᠣᠭᠠᠬᠤ ᠲᠣᠭᠤᠷᠢᠭ᠂ ᠦᠢᠯᠡᠴᠢᠯᠡᠭᠡᠨ ᠤ ᠲᠣᠭᠤᠷᠢᠭ ᠲᠤ ᠠᠮᠢᠳᠤᠯᠢᠭ ᠬᠤᠷᠢᠭ᠎ᠠ ᠭᠠᠷᠭᠠᠵᠤ᠂ ᠡᠵᠡᠨ᠎ᠡ ᠬᠤᠰᠢᠭᠤᠨ ᠤ ᠦᠢᠯᠡᠴᠢᠯᠡᠭᠡᠨ ᠤ ᠲᠣᠭᠤᠷᠢᠭ ᠲᠤ ᠲᠦᠷ ᠴᠠᠭ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠴᠡᠭ ᠭᠠᠷᠭᠠᠵᠤ᠂ 24 ᠴᠠᠭ ᠲᠠᠰᠤᠯᠳᠠᠭᠤᠯᠬᠤ ᠥᠬᠡᠶ ᠪᠠᠶᠢᠴᠠᠭᠠᠨ ᠬᠡᠮᠵᠢᠯᠲᠡ ᠪᠠ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠪᠡ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤᠰᠬᠠᠶ ᠠᠵᠢᠯᠯᠠᠭ᠎ᠠ ᠳᠤ ᠨᠡᠶᠢᠲᠡ 1600 ᠭᠠᠷᠤᠶ ᠬᠥᠮᠦᠨ ᠤᠳᠠᠭ᠎ᠠ᠂ 1200 ᠭᠠᠷᠤᠶ ᠲᠡᠷᠭᠡ ᠤᠳᠠᠭ᠎ᠠ ᠣᠷᠣᠯᠴᠠᠵᠤ᠂ ᠨᠡᠶᠢᠲᠡ 85300 ᠭᠠᠷᠤᠶ ᠲᠡᠷᠭᠡ ᠬᠥᠰᠬᠡ ᠶᠢ ᠪᠠᠶᠢᠴᠠᠭᠠᠵᠤ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠪᠠ ᠬᠠᠤᠯᠢ ᠠᠴᠠ ᠵᠥᠷᠢᠴᠡᠨ ᠬᠡᠯᠪᠡᠷᠢ ᠶᠢ ᠥᠭᠡᠷᠡᠴᠢᠯᠡᠨ ᠤᠭᠰᠠᠷᠠᠭᠰᠠᠨ 391 ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠵᠦ᠂ ᠡᠭᠦᠨ ᠳᠤ ᠵᠠᠭᠤᠨ ᠲᠣᠨ ᠸᠠᠩ 75 ᠪᠣᠶ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠠᠷᠠᠳ ᠣᠯᠠᠨ ᠤ ᠥᠨᠳᠥᠷ ᠪᠦᠲᠦᠮᠵᠢᠲᠡᠶ᠂ ᠳᠥᠭᠦᠮ ᠳᠥᠲᠡ᠂ ᠰᠠᠭᠠᠳ ᠥᠬᠡᠶ ᠶᠠᠪᠤᠵᠤ ᠰᠠᠭᠤᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
202407181029.jpg   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号