ᠮᠠᠨ ᠤ ᠣᠷᠣᠨ ᠤ ᠭᠤᠷᠪᠠᠨ ᠬᠤᠰᠢᠭᠤ ᠰᠢᠶᠠᠨ ᠰᠣᠩᠭᠤᠭᠳᠠᠪᠠ
ᠨᠡᠶᠢᠲᠡᠯᠡᠭᠰᠡᠨ ᠴᠠᠭ᠄
2024/7/25
    ᠣᠶᠢᠷ᠎ᠠ ᠳᠤ᠂ ᠮᠠᠨ ᠤ ᠣᠷᠣᠨ ᠤ ᠬᠥᠬᠡᠬᠤᠲᠠ ᠶᠢᠨ ᠬᠤᠷᠢᠨᠭᠡᠷ ᠰᠢᠶᠠᠨ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤ᠂ ᠲᠦᠩᠯᠢᠶᠣᠤ ᠬᠤᠲᠠ ᠶᠢᠨ ᠵᠠᠷᠤᠳ ᠬᠤᠰᠢᠭᠤ ᠪᠥᠬᠦ ᠤᠯᠤᠰ ᠤᠨ ᠠᠩᠬᠠᠳᠠᠭᠴᠢ ᠪᠦᠯᠦᠭ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠬᠦ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠢᠶᠠᠷ ᠰᠣᠩᠭᠤᠭᠳᠠᠪᠠ᠃      2024 ᠣᠨ ᠳᠤ᠂ ᠡᠳ᠋ ᠤᠨ ᠵᠠᠰᠠᠭ ᠤᠨ ᠶᠠᠮᠤᠨ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠠᠮᠲᠤᠷᠠᠨ ᠰᠢᠶᠠᠨ ᠤ ᠬᠡᠪᠴᠢᠶᠡᠨ ᠳᠤ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠬᠦ ᠲᠤᠷᠰᠢᠯᠲᠠ ᠶᠢᠨ ᠴᠡᠭ ᠤᠨ ᠠᠵᠢᠯ ᠢ   ᠥᠷᠨᠢᠭᠦᠯᠪᠡ᠃ 2024 ᠣᠨ ᠠᠴᠠ 2026 ᠣᠨ ᠪᠣᠯᠲᠠᠯᠠᠬᠢ 3 ᠵᠢᠯ ᠤᠨ ᠳᠣᠲᠣᠷ᠎ᠠ᠂ ᠲᠤᠷᠰᠢᠯᠲᠠ ᠶᠢᠨ ᠴᠡᠭ ᠲᠤ ᠰᠣᠩᠭᠤᠭᠳᠠᠭᠰᠠᠨ ᠬᠤᠰᠢᠭᠤ ᠰᠢᠶᠠᠨ ᠨᠢᠭᠡᠪᠦᠷᠢ ᠳᠤ ᠬᠠᠮᠤᠭ ᠤᠨ ᠥᠨᠳᠥᠷ ᠲᠤ ᠪᠠᠨ 4500 ᠲᠦᠮᠡᠨ ᠲᠥᠭᠦᠷᠢᠭ ᠤᠨ ᠱᠠᠩᠨᠠᠯ ᠤᠨ ᠨᠥᠬᠦᠪᠥᠷᠢ ᠶᠢᠨ ᠪᠠᠯᠠ ᠮᠥᠩᠭᠦ ᠣᠯᠭᠤᠵᠤ᠂ ᠲᠤᠬᠠᠶ ᠶᠢᠨ ᠭᠠᠵᠠᠷ ᠤᠨ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢ ᠳᠡᠮᠵᠢᠬᠦ ᠳᠤ ᠬᠡᠷᠡᠭᠯᠡᠨ᠎ᠡ᠃ ᠲᠤᠷᠰᠢᠯᠲᠠ ᠶᠢᠨ ᠴᠡᠭ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠤᠯᠤᠰ ᠠᠴᠠ ᠬᠠᠷᠠᠯᠲᠠ  ᠪᠠᠨ ᠳᠠᠪᠠᠭᠤᠯᠤᠨ ᠪᠡᠶᠡᠯᠡᠭᠦᠯᠦᠭᠰᠡᠨ ᠪᠥᠭᠡᠳ ᠡᠷᠭᠢᠨ ᠲᠣᠭᠤᠷᠢᠨ ᠤ ᠭᠠᠵᠠᠷ ᠣᠷᠣᠨ ᠳᠤ ᠵᠢᠱᠢᠶ᠎ᠡ ᠦᠵᠡᠭᠦᠯᠦᠨ ᠳᠠᠶᠢᠴᠢᠯᠠᠬᠤ ᠢᠯᠡᠷᠬᠡᠶ ᠦᠢᠯᠡᠳᠦᠯ ᠲᠠᠢ ᠬᠤᠰᠢᠭᠤ ᠰᠢᠶᠠᠨ ᠳᠤ ᠪᠣᠯ ᠱᠠᠩᠨᠠᠯ ᠤᠨ ᠨᠥᠬᠦᠪᠥᠷᠢ ᠶᠢᠨ ᠪᠡᠯᠡ ᠮᠥᠩᠭᠦ  ᠶᠢᠨ ᠪᠠᠷᠢᠮᠵᠢᠶ᠎ᠠ ᠶᠢᠨ 10% ᠪᠠᠷ ᠳᠠᠪᠠᠭᠤᠯᠤᠨ ᠪᠡᠶᠡᠯᠡᠭᠦᠯᠦᠭᠰᠡᠨ ᠱᠠᠩᠨᠠᠯ ᠣᠯᠭᠤᠨ᠎ᠠ᠃     ᠣᠶᠢᠯᠠᠭᠠᠭᠰᠠᠨ ᠢᠶᠠᠷ᠂ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠪᠠᠷ ᠳᠡᠮᠵᠢᠨ᠂ ᠲᠤᠷᠰᠢᠯᠲᠠ ᠴᠡᠭ ᠤᠨ ᠬᠤᠰᠢᠭᠤ ᠰᠢᠶᠠᠨ ᠨᠢ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ  ᠤ ᠬᠡᠷᠡᠭᠯᠡᠭᠡ ᠶᠢᠨ ᠪᠦᠲᠦᠮᠵᠢᠲᠡᠶ ᠨᠡᠮᠡᠭᠳᠡᠬᠦ ᠶᠢ ᠳᠠᠶᠢᠴᠢᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠠᠬᠤᠶ ᠪᠠᠶᠢᠳᠠᠯ ᠢ ᠥᠷᠭᠡᠳᠬᠡᠬᠦ ᠪᠣᠯᠤᠨ᠎ᠠ᠃     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠮᠠᠨ ᠤ ᠣᠷᠣᠨ ᠤ ᠰᠢᠶᠠᠨ  ᠤ ᠬᠡᠪᠴᠢᠶᠡᠨ ᠳᠠᠬᠢ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠬᠦ ᠠᠵᠢᠯ ᠢ ᠲᠦᠷᠦᠭᠦᠯᠡᠨ ᠰᠠᠶᠢᠲᠤᠷ ᠬᠢᠵᠦ᠂ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠲᠤᠷ ᠬᠢᠬᠦ ᠶᠢ ᠵᠢᠯᠤᠭᠤᠳᠤᠨ᠂ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠪᠴᠢᠬᠦ ᠨᠣᠷᠮ᠎ᠠ ᠶᠢ ᠳᠡᠭᠡᠭᠰᠢᠯᠡᠭᠦᠯᠵᠦ᠂ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢᠨ ᠴᠠᠬᠢᠯᠭᠠᠨ ᠬᠦᠳᠡᠯᠭᠡᠭᠦᠷᠲᠤ ᠮᠠᠰᠢᠨ ᠲᠡᠷᠭᠡ ᠬᠡᠷᠡᠭᠯᠡᠬᠦ ᠳᠤ ᠳᠣᠭᠢᠷᠠᠬᠤ ᠬᠥᠳᠡᠭᠡ ᠲᠣᠰᠬᠤᠨ ᠢ ᠪᠦᠲᠦᠮᠵᠢᠲᠡᠶ ᠬᠠᠮᠤᠷᠬᠤ ᠶᠢ ᠡᠷᠲᠡᠬᠡᠨ ᠪᠡᠶᠡᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号