ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠰᠡᠷᠡᠮᠵᠢ ᠶᠢᠨ ᠬᠤᠩᠬᠤ ᠶᠢ ᠪᠠᠶᠢᠩᠭᠤ ᠲᠣᠭᠰᠢᠵᠤ ᠠᠷᠢᠭᠤᠨ ᠴᠢᠬᠡᠴᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ — ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/26
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠮᠦᠽᠧᠶ ᠶᠢᠨ ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ ᠳᠤ ᠬᠦᠷᠴᠦ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃
202407261704.jpg
    ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠣᠯᠠᠨ ᠢᠶᠠᠷ ᠢᠶᠠᠨ ︽  ︿ᠰᠠᠬᠢᠯᠭ᠎ᠠ ᠪᠠᠲᠤ ﹀ ᠶᠢᠨ ᠲᠤᠬᠠᠶ ᠡᠷᠲᠡᠨ ᠤ ᠬᠢ ᠪᠠᠷ ᠡᠳᠦᠭᠡ ᠶᠢ ᠳᠤᠯᠢᠳᠠᠬᠤ︾᠂ ︽ᠵᠠᠭᠤᠨ ᠵᠢᠯ ᠤᠨ ᠲᠣᠮᠣ ᠨᠠᠮ ᠤᠨ ᠲᠡᠮᠦᠷ ᠮᠡᠲᠦ ᠰᠠᠬᠢᠯᠭ᠎ᠠ ᠪᠠᠲᠤ ᠶᠢᠨ ᠬᠠᠮᠠᠭᠠᠯᠠᠯᠲᠠ︾᠂ ︽ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ ︿ᠲᠦᠷᠢᠮ﹀ ᠳᠤ ᠵᠠᠰᠠᠪᠤᠷᠢ ᠣᠷᠣᠭᠤᠯᠬᠤ ︾᠂ ︽ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾᠂ ︽ᠬᠥᠮᠦᠨ ᠤ ᠠᠮᠢᠳᠤᠷᠠᠯ ᠤᠨ ᠭᠤᠨᠢᠭᠲᠤ ᠵᠦᠴᠦᠭᠡ ᠶᠢ ᠥᠨᠢ ᠡᠭᠦᠷᠢᠳᠡ ᠭᠡᠮᠰᠢᠬᠦ︾᠂       ︽ᠠᠷᠠᠳ ᠤᠨ ᠠᠯᠪᠠᠨ ᠵᠠᠷᠤᠴᠠ ᠨᠠᠮ ᠤᠨ ᠭᠡᠰᠢᠭᠦᠨ ᠤ ᠵᠢᠱᠢᠶᠡᠴᠢ︾᠂ ︽ᠰᠠᠬᠢᠯᠭ᠎ᠠ ᠪᠠᠲᠤ ᠶᠢ ᠴᠢᠩᠭ᠎ᠠ ᠰᠠᠬᠢᠵᠤ ᠬᠠᠷᠢᠭᠤᠴᠠᠯᠭ᠎ᠠ ᠡᠭᠦᠷᠭᠡᠯᠡᠬᠦ︾ ᠵᠡᠷᠭᠡ 7 ᠪᠤᠯᠤᠩ ᠢ ᠨᠢᠭᠡᠳ ᠨᠢᠭᠡ ᠪᠠᠷ ᠲᠣᠭᠤᠷᠢᠨ ᠦᠵᠡᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠤᠨ ᠲᠤᠬᠠᠶ ᠣᠶᠢᠯᠠᠭᠠᠯᠲᠠ ᠲᠠᠨᠢᠯᠲᠠ ᠪᠠᠷ ᠳᠠᠮᠵᠢᠭᠤᠯᠤᠨ᠂ ᠣᠯᠠᠨ ᠤ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠣᠭᠤᠳᠴᠤ᠂ ᠰᠠᠬᠢᠯᠭ᠎ᠠ ᠪᠠᠲᠤ ᠶᠣᠰᠣ ᠲᠦᠷᠢᠮ ᠢ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠪᠠ︔ ᠢᠯᠵᠠᠷᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠠᠨᠢᠯᠴᠠᠭᠤᠯᠭ᠎ᠠ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠂ ᠬᠡᠷᠡᠭ ᠲᠤ ᠬᠤᠯᠪᠣᠭᠳᠠᠭᠰᠠᠨ ᠪᠤᠵᠠᠷ ᠡᠳ᠋ ᠤᠨ ᠳᠡᠯᠭᠡᠨ ᠦᠵᠡᠭᠦᠯᠭᠡ ᠵᠡᠷᠭᠡ ᠶᠢ ᠰᠣᠨᠢᠷᠬᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠮᠦᠵᠢᠭᠦᠯᠦᠨ ᠵᠢᠯᠣᠭᠤᠳᠴᠤ᠂ ᠣᠯᠠᠨ ᠢ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠤ ᠪᠠᠨ ᠬᠠᠳᠠᠩᠰᠢᠭᠤᠯᠵᠤ᠂ ᠡᠳᠦᠷ ᠲᠤᠲᠤᠮ ᠤᠨ ᠦᠭᠡ ᠶᠠᠷᠢᠶ᠎ᠠ ᠦᠶᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠪᠠ᠃
202407261905.jpg
    ᠡᠨᠡ ᠬᠤᠭᠤᠴᠠᠭᠠᠨ ᠳᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠦᠵᠡᠭᠦᠯᠭᠡ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠨᠠᠮ  ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号