ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/26
    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ    ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 7 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠬᠠᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠬᠤᠷᠠᠯ ᠠᠴᠠ᠂ ᠡᠨᠡ ᠵᠢᠯ ᠤᠨ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠦᠡᠭᠭᠡ ᠠᠨᠠᠢ᠂ ᠰᠢᠷᠦᠭᠦᠨ ᠪᠣᠷᠣᠭᠠᠨ ᠣᠷᠣᠬᠤ ᠶᠠᠪᠤᠴᠠ ᠤᠯᠠᠨ᠂ ᠦᠷᠬᠦᠯᠵᠢᠯᠡᠬᠦ ᠴᠠᠭ ᠤᠷᠳᠤ᠂ ᠭᠤᠣᠯ ᠮᠥᠷᠡᠨ ᠤ ᠦᠶᠡᠷ ᠡᠷᠲᠡ ᠡᠭᠦᠰᠴᠦ᠂ ᠬᠤᠪᠢᠷᠠᠯᠳᠠ ᠲᠦᠷᠭᠡᠨ ᠪᠠᠶᠢᠵᠤ᠂ ᠵᠠᠷᠢᠮ ᠭᠠᠵᠠᠷ ᠣᠷᠣᠨ ᠲᠠᠬᠢᠨ ᠳᠠᠪᠲᠠᠨ ᠰᠢᠷᠦᠭᠦᠨ ᠪᠣᠷᠣᠭᠠᠨ ᠳᠤ ᠳᠠᠭᠠᠷᠢᠭᠳᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃       ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠠᠷᠤᠢ ᠲᠦᠷᠭᠡᠨ ᠬᠥᠳᠡᠯᠦᠯᠴᠡᠵᠦ᠂ ᠪᠦᠬᠦ ᠬᠦᠴᠦ ᠪᠠᠷ ᠢᠶᠠᠨ ᠠᠷᠭᠠᠴᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠪᠣᠯᠤᠨ ᠡᠯ᠎ᠡ ᠲᠦᠷᠦᠯ ᠤᠨ ᠲᠤᠰᠬᠠᠢ ᠠᠪᠤᠷᠠᠨ ᠲᠤᠰᠠᠯᠠᠬᠤ ᠬᠦᠴᠦᠨ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ ᠤᠯᠠᠨ ᠢᠶᠠᠷ ᠢᠶᠠᠨ ᠪᠤᠯᠤᠳ ᠬᠡᠷᠡᠮ ᠪᠤᠯᠵᠦ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠤᠯᠵᠠᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠣᠳᠣᠬᠠᠨ ᠳᠤ ᠮᠠᠨ ᠤ ᠤᠯᠤᠰ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠥᠬᠡᠮᠥ᠋ᠷᠡᠨ ᠵᠡᠷᠭᠡ ᠰᠠᠪᠠ ᠭᠠᠵᠠᠷ ᠤᠨ ᠦᠶᠡᠷ ᠤᠨ ᠣᠷᠭᠢᠯ ᠢ ᠰᠡᠷᠭᠡᠶᠢᠯᠡᠬᠦ᠂ ᠳᠠᠯᠠᠩ ᠰᠡᠳᠡᠷᠡᠬᠦ ᠠᠴᠠ ᠰᠡᠷᠬᠡᠶᠢᠯᠡᠬᠦ᠂ ᠤᠰᠤᠲᠤᠯ ᠢ ᠭᠠᠳᠠᠭᠰᠢᠯᠠᠭᠤᠯᠬᠤ ᠳᠠᠷᠤᠯᠲᠠ ᠪᠠᠭᠤᠷᠠᠬᠤ ᠥᠬᠡᠶ ᠪᠠᠶᠢᠵᠤ᠂ ᠬᠠᠲᠤᠨ ᠭᠤᠤᠯ᠂ ᠬᠤᠸᠠᠶᠢᠾᠧ ᠭᠤᠤᠯ᠂ ᠬᠠᠶᠢᠾᠧ ᠭᠤᠤᠯ᠂ ᠰᠤᠩᠭᠠᠷᠢ ᠮᠥᠷᠡᠨ ᠯᠢᠶᠣᠤᠾᠧ ᠭᠤᠤᠯ ᠤᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ ᠮᠡᠳᠡᠬᠦ ᠪᠥᠭᠡᠳ ᠲᠠᠶᠢᠹᠧᠩ ᠰᠠᠯᠬᠢ ᠢᠳᠡᠪᠬᠢ ᠬᠤᠭᠤᠴᠠᠭᠠᠨ ᠳᠤ ᠣᠷᠣᠬᠤ ᠲᠠᠢ ᠳᠠᠪᠬᠤᠴᠠᠵᠤ᠂ ᠦᠶᠡᠷ ᠢ ᠰᠡᠷᠭᠡᠶᠢᠯᠡᠬᠦ ᠪᠠᠶᠢᠳᠠᠯ ᠨᠠᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠣᠯᠵᠣ ᠪᠠᠶᠢᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠨᠠᠨ ᠬᠡᠮᠵᠢᠬᠦ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠤᠤᠷᠢᠶᠠᠳᠤᠨ ᠳᠠᠭᠠᠬᠤ ᠬᠤᠷᠳᠤᠴᠠ ᠶᠢ ᠲᠦᠷᠬᠡᠳᠬᠡᠵᠦ᠂ ᠰᠡᠷᠭᠡᠶᠢᠯᠡᠬᠦ ᠭᠤᠤᠯᠳᠠᠯᠭ᠎ᠠ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠦᠵᠦᠬᠦᠷ ᠬᠡᠰᠡᠭ ᠢ ᠴᠢᠩᠭ᠎ᠠ ᠠᠩᠬᠠᠷᠴᠤ᠂ ᠠᠶᠤᠯᠲᠠᠶ ᠣᠷᠣᠨ ᠤ ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠶ ᠪᠠᠷ ᠰᠢᠯᠵᠢᠭᠦᠯᠵᠦ᠂ ᠬᠥᠮᠦᠨ ᠬᠠᠷ᠎ᠠ ᠥᠭᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠴᠢᠬᠤᠯᠠ ᠬᠠᠰᠢᠯᠭ᠎ᠠ ᠴᠥᠭᠦᠷᠥᠮ ᠪᠣᠯᠤᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠰᠡᠷᠭᠡᠶᠢᠯᠡᠨ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠪᠠᠭᠤᠷᠠᠶ ᠬᠠᠰᠢᠯᠭ᠎ᠠ ᠶᠢᠨ ᠬᠡᠰᠡᠭ᠂ ᠠᠶᠤᠯᠲᠠᠶ ᠪᠠᠷᠢᠯᠭ᠎ᠠ ᠶᠢᠨ ᠬᠡᠰᠡᠭ᠂ ᠠᠶᠤᠯᠲᠠᠶ ᠤᠰᠤᠨ ᠴᠥᠭᠦᠷᠥᠮ ᠢ ᠭᠤᠤᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠶᠢ ᠳᠣᠪᠤᠶᠢᠯᠭᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠮᠥᠷᠡᠨ ᠶᠡᠭᠡ ᠭᠤᠤᠯ ᠤᠨ ᠬᠠᠰᠢᠯᠭ᠎ᠠ ᠰᠡᠲᠡᠷᠡᠬᠦ᠂ ᠲᠣᠮᠣ ᠬᠡᠯᠪᠡᠷᠢ ᠶᠢᠨ ᠪᠠ ᠭᠤᠤᠯᠳᠠᠯᠭ᠎ᠠ ᠲᠠᠢ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠬᠠᠰᠢᠯᠭ᠎ᠠ ᠨᠤᠷᠠᠬᠤ ᠠᠴᠠ ᠡᠷᠡᠰ ᠵᠠᠶᠢᠯᠠᠰᠭᠢᠬᠦ ᠬᠡᠷᠡᠭᠲᠡᠶ᠃ ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠢ ᠲᠣᠭᠲᠠᠭᠠᠬᠤ ᠣᠷᠣᠨ ᠤ ᠬᠡᠷᠡᠭᠯᠡᠬᠦ ᠪᠡᠯᠡᠳᠭᠡᠯ ᠢ ᠨᠠᠷᠢᠯᠢᠬᠵᠢᠭᠤᠯᠬᠤ ᠬᠡᠷᠡᠭᠲᠡᠶ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ᠂ ᠪᠠᠷᠠᠭᠤᠨ ᠣᠷᠣᠨ ᠤ ᠰᠢᠲᠠᠮᠠᠬᠠᠢ ᠬᠡᠢ ᠶᠢ ᠵᠡᠭᠦᠨᠰᠢ ᠳᠠᠮᠵᠢᠭᠤᠯᠬᠤ᠂ ᠵᠠᠰᠠᠮᠠᠯ ᠵᠠᠮ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠵᠢᠴᠢ ᠬᠤᠲᠠ ᠶᠢᠨ ᠭᠠᠵᠠᠷ ᠳᠣᠣᠷᠠᠬᠢ ᠣᠷᠣᠨ ᠵᠠᠢ᠂ ᠬᠥᠭᠦᠷᠭᠡ ᠭᠤᠯᠳᠤᠩ ᠨᠦᠬᠡᠨ ᠵᠠᠮ ᠵᠡᠷᠭᠡ ᠭᠤᠣᠯᠳᠠᠯᠭ᠎ᠠ ᠲᠠᠢ ᠭᠠᠵᠠᠷ ᠲᠤ ᠴᠢᠭᠯᠡᠭᠦᠯᠵᠦ᠂ ᠠᠶᠤᠯ ᠲᠦᠭᠰᠢᠭᠦᠷᠢ ᠭᠡᠮ ᠰᠣᠭᠤᠭ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠤᠷᠢᠳᠴᠢᠯᠠᠨ ᠪᠠᠶᠢᠷᠢᠯᠠᠭᠤᠯᠬᠤ ᠶᠢ ᠴᠢᠩᠭᠠᠳᠬᠠᠬᠤ ᠬᠡᠷᠡᠭᠲᠡᠢ᠃ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠲᠥᠪ ᠤᠨ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠴᠠᠭ ᠢᠮᠠᠭᠲᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢᠶᠠᠨ ᠪᠠᠲᠤᠯᠠᠵᠤ᠂ ᠨᠢᠭᠡᠳᠦᠯᠲᠡᠢ ᠲᠤᠬᠢᠷᠠᠭᠤᠯᠭ᠎ᠠ ᠶᠢ ᠰᠣᠨᠣᠰᠴᠤ᠂ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠶ ᠳᠤᠨᠢ ᠪᠠᠭᠤᠯᠭᠠᠵᠤ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠲᠣᠬᠢᠷᠠᠭᠤᠯᠤᠨ ᠲᠡᠭᠡᠭᠡᠪᠦᠷᠢᠯᠡᠵᠦ᠂ ᠳᠠᠭᠠᠳᠬᠠᠯ ᠤᠨ ᠲᠥᠯᠥᠪᠦᠷᠢ ᠦᠭᠬᠦ ᠶᠢ ᠲᠦᠷᠭᠡᠳᠭᠡᠨ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠶ ᠲᠥᠪᠬᠢᠨᠡᠭᠦᠯᠵᠦ᠂ ᠣᠯᠠᠨ ᠲᠦᠮᠡᠨ ᠤ ᠡᠮᠨᠡᠭᠦᠯᠬᠦ᠂ ᠰᠤᠷᠤᠭᠴᠢᠳ ᠤᠨ ᠰᠤᠷᠭᠠᠭᠤᠯᠢ ᠡᠬᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠨ ᠰᠡᠯᠪᠢᠨ ᠵᠠᠰᠠᠵᠤ᠂ ᠭᠠᠮᠰᠢᠭᠳᠠᠭᠰᠠᠨ ᠤᠯᠠᠨ ᠲᠦᠮᠡᠨ ᠢ ᠵᠣᠬᠢᠶᠠᠨ ᠪᠠᠶᠢᠭᠤᠯᠤᠨ ᠳᠠᠭᠠᠭᠤᠯᠵᠤ ᠦᠢᠯᠡᠳᠪᠦᠷᠢᠯᠡᠯ ᠢ ᠨᠢ ᠰᠡᠷᠭᠦᠭᠡᠵᠦ᠂ ᠭᠡᠷ ᠣᠷᠣᠨ ᠢ ᠨᠢ ᠲᠠᠬᠢᠨ ᠪᠠᠶᠢᠭᠤᠯᠬᠤ ᠬᠡᠷᠡᠭᠲᠡᠢ᠃ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠪᠰᠤᠷᠴᠤ᠂ ᠭᠠᠮᠰᠢᠭ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠡᠮ ᠰᠤᠭᠤᠭ ᠲᠠᠢ ᠤᠰᠤᠨ ᠴᠥᠭᠦᠷᠥᠮ᠂ ᠳᠤᠮᠳᠠ ᠪᠠᠭ᠎ᠠ ᠭᠤᠣᠯ ᠮᠥᠷᠡᠨ ᠤ ᠬᠠᠰᠢᠯᠭ᠎ᠠ ᠳᠠᠯᠠᠩ᠂ ᠦᠶᠡᠷ ᠢ ᠲᠣᠭᠲᠠᠭᠠᠬᠤ ᠣᠷᠣᠨ ᠵᠡᠷᠭᠡ ᠦᠶᠡᠷ ᠢ ᠰᠡᠷᠭᠡᠶᠢᠯᠡᠬᠦ ᠢᠨᠵᠧᠨᠧᠷᠢᠩ ᠪᠣᠯᠤᠨ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠥᠷᠢᠯᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠣᠯᠤᠨ ᠬᠦᠴᠦᠨ ᠢ ᠴᠢᠩᠭᠠᠳᠬᠠᠵᠤ᠂ ᠪᠦᠬᠦ ᠨᠡᠶᠢᠭᠡᠮ ᠤᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠨ ᠬᠥᠭᠵᠢᠯᠲᠡ ᠶᠢ ᠠᠬᠢᠭᠤᠯᠬᠤ᠂ ᠭᠠᠵᠠᠷ ᠣᠷᠣᠨ ᠤ ᠪᠠᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠤᠰᠢᠭᠤᠴᠢᠯᠠᠨ ᠵᠢᠯᠣᠭᠤᠳᠴᠤ᠂ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠬᠠᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号