G10 ᠰᠤᠹᠧᠨ ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ
ᠨᠡᠶᠢᠲᠡᠯᠡᠭᠰᠡᠨ ᠴᠠᠭ᠄
2024/7/27
      【2024-06-17 16:00:00】 ᠴᠠᠩ ᠵᠢᠶᠧ ᠺᠤᠮᠫᠠᠨᠢ ᠲᠠᠨ ᠳᠤ ᠨᠡᠶᠢᠲᠡᠯᠡᠭᠰᠡᠨ ᠨᠢ        ᠣᠳᠣᠬᠠᠨ ᠪᠣᠯᠲᠠᠯ᠎ᠠ᠂ ᠰᠤᠹᠧᠨ ᠠᠴᠠ ᠮᠠᠨᠵᠣᠣᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠳᠤ ᠪᠠᠷᠢᠯᠭ᠎ᠠ ᠶᠢᠨ ᠠᠵᠢᠯ ᠬᠢᠭᠰᠡᠨ ᠠᠴᠠ ᠬᠢᠩᠭᠠᠨ ᠳᠠᠪᠠᠭ᠎ᠠ ᠶᠢᠨ ᠨᠦᠬᠡᠨ ᠵᠠᠮ ᠢ ᠪᠢᠲᠡᠭᠦᠮᠵᠢᠯᠡᠵᠦ᠂ ᠮᠠᠨᠵᠤᠤᠷ᠂ ᠬᠠᠶᠢᠯᠠᠷ᠂ ᠶᠠᠭᠰᠢ ᠠᠴᠠ ᠠᠷᠤᠨ ᠬᠤᠰᠢᠭᠤ᠂ ᠴᠢᠴᠢᠬᠠᠷ ᠵᠦᠭ ᠶᠠᠪᠤᠬᠤ ᠨᠢ ᠮᠢᠶᠠᠨ ᠳ᠋ᠦ᠋ ᠾᠧ ᠰᠦᠢᠳᠭᠡᠯ ᠬᠤᠷᠢᠶᠠᠬᠤ ᠭᠠᠵᠠᠷ ᠢᠶᠠᠷ ᠳᠡᠭᠡᠳᠦ ᠬᠤᠷᠳᠤ ᠶᠢᠨ ᠵᠠᠰᠠᠮᠠᠯ ᠵᠠᠮ ᠠᠴᠠ ᠪᠠᠨᠭᠤᠵᠤ᠂ ᠤᠯᠤᠰ ᠤᠨ ᠵᠠᠮ ᠤᠨ 301 ᠱᠣᠭᠤᠮ ᠢᠶᠠᠷ ᠲᠣᠭᠤᠷᠢᠨ ᠶᠠᠪᠤᠵᠤ ᠪᠣᠭᠤᠳᠤ ᠰᠦᠢᠳᠭᠡᠯ ᠬᠤᠷᠢᠶᠠᠬᠤ ᠭᠠᠵᠠᠷ ᠢᠶᠠᠷ ᠳᠡᠭᠡᠳᠦ ᠬᠤᠷᠳᠤ ᠶᠢᠨ ᠵᠠᠰᠠᠮᠠᠯ ᠵᠠᠮ ᠳᠤ ᠭᠠᠷᠤᠨ᠎ᠠ᠃ ᠴᠢᠴᠢᠬᠠᠷ᠂ ᠠᠷᠤᠨ ᠬᠤᠰᠢᠭᠤ ᠠᠴᠠ ᠶᠠᠭᠰᠢ᠂ ᠬᠠᠶᠢᠯᠠᠷ᠂ ᠮᠠᠨᠵᠤᠤᠷ ᠵᠦᠭ ᠶᠠᠪᠤᠬᠤ ᠨᠢ ᠪᠣᠭᠤᠳᠤ ᠰᠦᠢᠳᠭᠡᠯ ᠬᠤᠷᠢᠶᠠᠬᠤ ᠭᠠᠵᠠᠷ ᠢᠶᠠᠷ ᠳᠡᠭᠡᠳᠦ ᠬᠤᠷᠳᠤ ᠶᠢᠨ ᠵᠠᠰᠠᠮᠠᠯ ᠵᠠᠮ ᠠᠴᠠ ᠪᠠᠨᠭᠤᠵᠤ᠂ ᠤᠯᠤᠰ ᠤᠨ ᠵᠠᠮ ᠤᠨ 301 ᠱᠣᠭᠤᠮ ᠢᠶᠠᠷ ᠲᠣᠭᠤᠷᠢᠨ ᠶᠠᠪᠤᠵᠤ ᠮᠢᠶᠠᠨ ᠳ᠋ᠦ᠋ ᠾᠧ ᠰᠦᠢᠳᠭᠡᠯ ᠬᠤᠷᠢᠶᠠᠬᠤ ᠭᠠᠵᠠᠷ ᠢᠶᠠᠷ ᠳᠡᠭᠡᠳᠦ ᠬᠤᠷᠳᠤ ᠶᠢᠨ ᠵᠠᠰᠠᠮᠠᠯ ᠵᠠᠮ ᠳᠤ ᠭᠠᠷᠤᠨ᠎ᠠ᠃ ᠥᠭᠡᠳᠡ ᠠᠶᠠᠯᠠᠬᠤ ᠶᠢ ᠪᠢᠲᠡᠭᠦᠮᠵᠢᠯᠡᠭᠰᠡᠨ ᠴᠠᠭ ᠨᠢ 2024 ᠣᠨ ᠤ 5 ᠳ᠋ᠤᠭᠠᠷ ᠰᠠᠷ᠎ᠠ ᠶᠢᠨ 16᠎ ᠤ ᠡᠳᠦᠷ ᠤᠨ 14᠄ 00᠎ ᠠᠴᠠ 2024 ᠣᠨ ᠤ 7 ᠳ᠋ᠤᠭᠠᠷ ᠰᠠᠷ᠎ᠠ ᠶᠢᠨ 2᠎ ᠤᠨ ᠡᠳᠦᠷ ᠤᠨ 24᠄ 00 ᠪᠣᠯᠲᠠᠯ᠎ᠠ᠂ ᠤᠷᠤᠭᠤ ᠠᠶᠠᠯᠠᠬᠤ ᠶᠢ ᠪᠢᠲᠡᠭᠦᠮᠵᠢᠯᠡᠭᠰᠡᠨ ᠴᠠᠭ ᠎ ᠨᠢ 2024 ᠣᠨ ᠤ 5 ᠳ᠋ᠤᠭᠠᠷ ᠰᠠᠷ᠎ᠠ ᠶᠢᠨ 16᠎ ᠤ ᠡᠳᠦᠷ ᠤᠨ 14᠄ 00᠎ ᠠᠴᠠ 2024 ᠣᠨ ᠤ 7 ᠳ᠋ᠤᠭᠠᠷ ᠰᠠᠷ᠎ᠠ ᠶᠢᠨ 15᠎ ᠤ ᠡᠳᠦᠷ ᠤᠨ 24᠄ 00 ᠴᠠᠭ ᠪᠣᠯᠤᠨ᠎ᠠ᠃        
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号