ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ
ᠨᠡᠶᠢᠲᠡᠯᠡᠭᠰᠡᠨ ᠴᠠᠭ᠄
2024/7/29
    ᠪᠦᠬᠦ ᠨᠡᠶᠢᠭᠡᠮ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠲᠤᠬᠠᠶ ᠨᠠᠮ ᠤᠨ ᠲᠥᠪ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠪᠠᠷᠠᠭᠠᠨ  ᠤ ᠭᠦᠢᠯᠭᠡᠭᠡ ᠶᠢᠨ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠢ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠰᠢᠵᠦ᠂ ᠬᠡᠪᠴᠢᠶᠡᠵᠢᠭᠦᠯᠬᠦ᠂ ᠡᠷᠴᠢᠮᠵᠢᠭᠦᠯᠬᠦ᠂ ᠲᠤᠭᠠᠵᠢᠭᠤᠯᠬᠤ᠂ ᠪᠤᠬᠢᠷᠲᠤᠯ ᠦᠭᠡᠢ᠂ ᠰᠦᠯᠵᠢᠶᠡᠵᠢᠭᠦᠯᠬᠦ ᠬᠥᠭᠵᠢᠯᠲᠡ ᠶᠢ ᠪᠠᠷᠢᠮᠲᠠᠯᠠᠵᠤ᠂ ᠪᠠᠷᠠᠭ᠎ᠠ ᠶᠢᠨ ᠢᠷᠡᠯᠲᠡ ᠶᠢ ᠡᠷᠢᠬᠦ᠂ ᠲᠤᠭ᠎ᠠ ᠪᠠᠷᠢᠮᠲᠠ ᠬᠠᠩᠭᠠᠬᠤ᠂ ᠲᠠᠯᠠᠪᠠᠢ ᠪᠣᠶᠢᠵᠢᠭᠤᠯᠬᠤ᠂ ᠢᠵᠢ ᠪᠦᠷᠢᠳᠦᠭᠦᠯᠬᠦ᠂ ᠰᠢᠯᠢᠳᠡᠭ ᠦᠢᠯᠡᠴᠢᠯᠡᠭᠡ᠂ ᠲᠦᠷᠦ ᠶᠢᠨ ᠪᠤᠳᠤᠯᠭ᠎ᠠ ᠥᠭᠬᠦ ᠪᠠᠷ ᠳᠠᠮᠵᠢᠨ᠂ ᠨᠢᠭᠡ ᠪᠦᠯᠦᠭ ᠡᠵᠡᠩᠨᠡᠯᠲᠡ ᠶᠢᠨ ᠥᠪᠡᠷ ᠤᠨ ᠥᠷᠲᠡᠭ ᠳᠣᠤᠷ᠎ᠠ᠂ ᠠᠰᠢᠭᠯᠠᠮᠵᠢ ᠥᠨᠳᠥᠷ᠂ ᠦᠢᠯᠡᠴᠢᠯᠡᠭᠡ ᠴᠢᠩᠭ᠎ᠠ᠂ ᠴᠢᠨᠠᠷ ᠰᠠᠶᠢᠲᠠᠶ᠂ ᠲᠡᠷᠢᠭᠦᠨ ᠤ ᠮᠡᠷᠭᠡᠵᠢᠯ ᠤᠨ ᠵᠠᠭᠪᠤᠷ ᠵᠡᠷᠭᠡ ᠭᠤᠤᠯᠯᠠᠬᠤ ᠥᠷᠢᠰᠦᠯᠳᠦᠬᠦ ᠬᠦᠴᠦᠨ ᠪᠠ ᠨᠡᠷᠡᠲᠦ ᠦᠶᠯᠡᠴᠢᠯᠡᠭᠡᠨ ᠤ ᠲᠥᠷᠥᠯ ᠲᠡᠮᠳᠡᠭᠲᠦ ᠲᠠᠢ ᠤᠳᠤ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠨᠢᠭᠡ ᠪᠦᠯᠦᠭ  ᠪᠣᠶᠢᠵᠢᠭᠤᠯᠤᠨ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠴᠢᠨᠠᠷᠲᠠᠶ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠵᠤ᠂ ᠪᠦᠬᠦ ᠨᠡᠶᠢᠭᠡᠮ  ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ ᠶᠢ ᠠᠬᠢᠭᠤᠯᠤᠨ᠎ᠠ᠃     2026 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ  ᠤ  ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ ᠳᠤ ᠬᠦᠷᠦᠭᠦᠯᠵᠦ᠂ ᠨᠢᠭᠡᠴᠢ ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ 6% ᠪᠠᠷ ᠪᠠᠭᠤᠷᠠᠭᠤᠯᠤᠨ᠎ᠠ᠃     ᠬᠤᠶᠠᠷ᠂ ᠪᠣᠶᠢᠵᠢᠭᠤᠯᠬᠤ ᠵᠠᠮ ᠮᠥᠷ    ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ            ︵ᠳᠣᠷᠣᠭᠰᠢ ᠳᠠᠭᠠᠭᠤᠯᠤᠭᠴᠢ ᠠᠵᠤ ᠠᠬᠤᠶᠢᠯᠠᠯ ᠭᠡᠵᠦ ᠲᠣᠪᠴᠢᠯᠠᠨ᠎ᠠ︶ ᠳᠤ ᠲᠡᠮᠦᠷ ᠵᠠᠮ᠂ ᠵᠠᠰᠠᠮᠠᠯ ᠵᠠᠮ᠂ ᠠᠷᠠᠳ  ᠤᠨ ᠠᠭᠠᠷ ᠤᠨ ᠲᠡᠭᠡᠭᠡᠪᠦᠷᠢ᠂ ᠰᠢᠦᠳᠠᠨ ᠤ ᠲᠦᠷᠭᠡᠨ ᠬᠦᠷᠭᠡᠯᠲᠡ ᠵᠡᠷᠭᠡ ᠲᠤᠰᠬᠠᠶ ᠬᠦᠷᠢᠶᠡᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ᠂  ᠣᠯᠠᠨ ᠵᠦᠢᠯ ᠤᠨ ᠲᠡᠭᠡᠭᠡᠪᠦᠷᠢ ᠶᠢᠨ ᠬᠡᠯᠪᠡᠷᠢ ᠠᠯᠤᠰᠯᠠᠭᠰᠠᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠬᠡᠯᠬᠢᠶ᠎ᠡ ᠶᠢᠨ ᠠᠭᠤᠰᠤᠯᠴᠠᠭᠰᠠᠨ ᠠᠵᠤ ᠠᠬᠤᠶᠢᠯᠠᠯ ᠵᠡᠷᠭᠡ ᠶᠢ ᠪᠠᠭᠲᠠᠭᠠᠨ᠎ᠠ᠃ ᠵᠣᠬᠢᠬᠤ ᠬᠡᠪᠴᠢᠶ᠎ᠡ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠳᠤ ᠬᠦᠷᠴᠦ᠂ ᠨᠡᠯᠢᠶᠡᠳ ᠴᠢᠩᠭ᠎ᠠ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ᠂ ᠠᠵᠢᠯ ᠲᠥᠷᠥᠯ ᠤᠨ ᠨᠥᠯᠥᠭᠡᠯᠡᠬᠦ ᠬᠦᠴᠦᠨ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠ ᠬᠥᠭᠵᠢᠯᠲᠡ ᠶᠢᠨ ᠳᠠᠯᠳᠠ ᠬᠦᠴᠦᠨ ᠢ ᠪᠦᠷᠢᠯᠳᠦᠭᠦᠯᠵᠦ᠂ ᠲᠣᠭᠠᠴᠢᠯᠠᠭᠰᠠᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ᠂ ᠦᠶᠯᠡᠴᠢᠯᠡᠭᠡᠨ ᠤ ᠶᠠᠰᠤ ᠴᠢᠨᠠᠷ ᠢ ᠠᠵᠢᠯ ᠲᠥᠷᠥᠯ ᠤᠨ ᠲᠡᠷᠢᠭᠦᠨ ᠤ ᠪᠠᠶᠢᠷᠢᠨ ᠳᠤ ᠪᠠᠶᠢᠯᠭᠠᠵᠤ᠂ ᠵᠢᠵᠢᠭ ᠪᠢᠴᠢᠯ ᠠᠵᠤ ᠠᠬᠤᠶᠢᠯᠠᠯ ᠳᠤ ᠮᠡᠷᠭᠡᠵᠢᠯ ᠤᠨ ᠦᠶᠯᠡᠴᠢᠯᠡᠭᠡ᠂ ᠰᠢᠶᠳᠪᠦᠷᠢᠯᠡᠬᠦ ᠲᠥᠰᠦᠯ ᠵᠡᠷᠭᠡ ᠲᠠᠯ᠎ᠠ ᠪᠠᠷ ᠢᠳᠡᠪᠬᠢᠲᠡᠶ ᠳᠡᠮᠵᠢᠯᠭᠡ ᠬᠠᠩᠭᠠᠵᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃     ᠳᠣᠤᠷᠠᠬᠢ ᠳᠥᠷᠪᠡᠨ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠷᠢᠮᠵᠢᠶ᠎ᠠ ᠪᠠ ᠠᠵᠢᠯ ᠤᠨ ᠵᠦᠭᠯᠡᠭᠦᠷ ᠢ ᠦᠨᠳᠦᠰᠦᠯᠡᠨ ᠮᠠᠭᠠᠳᠯᠠᠨ ᠲᠣᠭᠲᠠᠭᠠᠵᠤ᠂ ᠠᠶᠢᠮᠠᠭ ᠬᠤᠲᠠ ᠪᠣᠶᠢᠵᠢᠭᠤᠯᠤᠨ ᠪᠤᠵᠠᠭᠠᠶᠢᠷᠠᠭᠤᠯᠤᠨ᠎ᠠ᠃     ︵ᠨᠢᠭᠡ︶ ᠨᠢᠭᠡᠨᠲᠡ ᠪᠠᠶᠢᠭ᠎ᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ᠂ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂     ︽ᠵᠢᠵᠢᠭ ᠲᠠᠷᠠᠬᠠᠶ ᠪᠠᠭᠤᠷᠠᠶ︾ ᠪᠠᠶᠢᠳᠠᠯ ᠢ ᠬᠤᠪᠢᠷᠠᠭᠤᠯᠤᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠵᠦ᠂ ᠤᠯᠤᠰ ᠤᠨ ᠳᠣᠲᠣᠭᠠᠳᠤ ᠶᠢᠨ ᠨᠡᠷᠡᠲᠦ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠲᠠᠲᠠᠵᠤ ᠮᠠᠨ ᠤ ᠣᠷᠣᠨ ᠳᠤ ᠨᠤᠲᠤᠭᠰᠢᠭᠤᠯᠤᠨ᠂ ᠣᠷᠣᠨ ᠤ ᠳᠣᠲᠣᠷ᠎ᠠ ᠭᠠᠳᠠᠨᠠᠬᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠬᠤ᠂ ᠬᠠᠮᠵᠢᠯᠴᠠᠬᠤ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠲᠠᠢ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ᠎ᠠ︔ ᠲᠠᠪᠴᠠᠩ ᠤᠨ ᠠᠵᠤ ᠠᠬᠤᠶᠢᠯᠠᠯ ᠨᠢ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ ᠶᠢᠨ ᠲᠠᠪᠴᠠᠩ ᠤᠨ ᠠᠵᠤ ᠠᠬᠤᠶᠢᠯᠠᠯ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠮᠵᠢᠵᠤ᠂ ᠲᠠᠷᠠᠬᠠᠶ ᠪᠤᠲᠠᠷᠬᠠᠶ ᠲᠡᠭᠡᠭᠡᠪᠦᠷᠢᠯᠡᠬᠦ ᠬᠦᠴᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃     ︵ᠬᠤᠶᠠᠷ︶ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠦᠨ᠎ᠡ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠬᠡᠷᠡᠭᠯᠡᠭᠦᠯᠵᠦ᠂ ᠣᠷᠳᠣᠰ᠂ ᠦᠬᠠᠶ ᠵᠡᠷᠭᠡ ᠭᠠᠵᠠᠷ  ᠲᠤ ᠬᠤᠣᠰ ᠴᠢᠷᠦᠭᠦᠯ ᠮᠠᠰᠢᠨ ᠲᠡᠷᠭᠡᠨ ᠤ ᠴᠤᠪᠤᠭ᠎ᠠ ᠲᠡᠷᠭᠡ ᠶᠢᠨ ᠲᠡᠭᠡᠭᠡᠪᠦᠷᠢ᠂ ᠠᠦ᠋ᠲ᠋ᠣ᠋ ᠵᠢᠯᠣᠭᠤᠳᠣᠯᠭ᠎ᠠ ᠶᠢᠨ ᠳᠤᠭᠤᠶᠢᠯᠠᠩ ᠬᠤᠪᠢᠶᠠᠭᠰᠠᠨ ᠵᠠᠭᠪᠤᠷ ᠤᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠶᠢ ᠥᠷᠨᠢᠭᠦᠯᠦᠨ᠎ᠡ︔ ᠴᠠᠬᠢᠯᠭᠠᠨ ᠨᠡᠭᠦᠷᠡᠰᠦ ᠵᠡᠷᠭᠡ ᠳᠤᠮᠳᠠ ᠣᠬᠤᠷ ᠵᠠᠶ ᠶᠢᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠲᠠᠯᠠᠪᠠᠢ ᠳᠤ ᠲᠦᠰᠢᠭᠯᠡᠨ᠂ ᠪᠤᠭᠤᠲᠤ ᠵᠡᠷᠭᠡ ᠭᠠᠵᠠᠷ ᠲᠤ ︽ᠡᠬᠡ ᠬᠠᠭᠤᠷᠠᠶ ᠶᠢᠨ ᠭᠠᠷᠠᠮ + ᠴᠢᠩᠭᠡᠯᠢᠭ + ᠰᠢᠨ᠎ᠡ ᠡᠨᠧᠷᠭᠢ ᠶᠢᠨ ᠬᠦᠨᠳᠦ ᠠᠴᠢᠶᠠᠨ ᠮᠠᠰᠢᠨ︾ ᠤ ᠪᠣᠬᠢᠷᠲᠤᠯ ᠥᠬᠡᠶ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠶᠢ ᠳᠡᠯᠭᠡᠷᠡᠭᠦᠯᠦᠨ᠎ᠡ︔ ᠭᠠᠭᠴᠠᠮᠤᠳᠤ ᠵᠡᠷᠭᠡ ᠬᠢᠯᠢ ᠶᠢᠨ ᠪᠣᠭᠤᠮᠲᠠ ᠳᠤ AGV᠂ ᠵᠢᠯᠣᠭᠤᠴᠢ ᠥᠬᠡᠶ ᠴᠢᠩᠭᠡᠯᠢᠭ ᠠᠴᠢᠶᠠᠨ ᠮᠠᠰᠢᠨ ᠤ ᠬᠢᠯᠢ ᠠᠯᠤᠰᠯᠠᠨ ᠲᠡᠭᠡᠭᠡᠪᠦᠷᠢᠯᠡᠬᠦ ᠵᠢᠱᠢᠶ᠎ᠡ ᠦᠵᠡᠭᠦᠯᠬᠦ ᠶᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠨ᠎ᠡ᠃     ︵ᠭᠤᠷᠪᠠ︶ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ᠎ᠠ᠃ ᠮᠠᠨ ᠤ ᠣᠷᠣᠨ ᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠣᠯᠠᠨ ᠡᠰᠢᠵᠢᠭᠰᠡᠨ ᠳᠠᠪᠠᠭᠤᠯᠢᠭ ᠢ ᠪᠠᠳᠠᠷᠠᠭᠤᠯᠵᠤ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠲᠡᠮᠦᠷ ᠵᠠᠮ ᠤᠨ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠬᠤ  ᠶᠢ ᠠᠬᠢᠭᠤᠯᠤᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠢᠶᠠᠷ ᠭᠤᠣᠯ ᠪᠣᠯᠭᠠᠭᠰᠠᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠪᠣᠶᠢᠵᠢᠭᠤᠯᠵᠤ᠂ ︽ᠨᠢᠭᠡ ᠪᠠᠷᠢᠮᠲᠠ ᠶᠢᠨ ᠳᠦᠷᠢᠮ︾᠂ ︽ᠨᠢᠭᠡ ᠴᠢᠩᠬᠡᠯᠢᠭ ᠤᠨ ᠳᠦᠷᠢᠮ︾ ᠤᠨ ᠬᠥᠭᠵᠢᠯᠲᠡ ᠶᠢ ᠲᠦᠷᠭᠡᠳᠬᠡᠵᠦ᠂ ︽ᠭᠤᠣᠯ ᠱᠤᠭᠤᠮ ᠤᠨ ᠲᠡᠮᠦᠷ ᠵᠠᠮ + ᠰᠠᠯᠪᠤᠷᠢ ᠱᠤᠭᠤᠮ ᠤᠨ ᠰᠢᠨ᠎ᠡ ᠡᠨᠧᠷᠭᠢ ᠶᠢᠨ ᠵᠦᠭᠡᠭᠡᠪᠦᠷᠢᠯᠡᠬᠦ︾ ᠲᠡᠭᠡᠭᠡᠪᠦᠷᠢ ᠶᠢᠨ ᠵᠠᠭᠪᠤᠷ ᠢ ᠪᠠᠶᠢᠭᠤᠯᠤᠨ᠎ᠠ     ︵ᠳᠥᠷᠪᠡᠨ︶ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠤ ᠳᠣᠣᠷᠠᠳᠤ ᠬᠡᠯᠬᠢᠶ᠎ᠡ ᠶᠢ ᠠᠭᠤᠰᠣᠯᠴᠠᠭᠤᠯᠬᠤ ᠬᠡᠯᠪᠡᠷᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠶᠡᠭᠡ ᠪᠠᠷ ᠬᠥᠭᠵᠢᠭᠦᠯᠦᠨ᠎ᠡ᠃             ︽ᠵᠠᠰᠠᠭ ᠶᠢᠨ ᠣᠷᠳᠣᠨ ᠠᠵᠤ ᠠᠬᠤᠶᠢᠯᠠᠯ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠳᠠᠭᠠᠭᠤᠯᠤᠭᠴᠢ ᠠᠵᠤ ᠠᠬᠤᠶᠢᠯᠠᠯ ᠬᠢᠭᠡᠳ ᠡᠨᠧᠷᠭᠢ᠂ ᠦᠶᠯᠡᠳᠬᠦ᠂ ᠠᠷᠠᠯᠵᠢᠶ᠎ᠠ ᠬᠤᠳᠠᠯᠳᠤᠭ᠎ᠠ᠂ ᠰᠦ ᠶᠢᠨ ᠦᠶᠯᠡᠰ᠂ ᠲᠦᠭᠦᠬᠡᠶ ᠰᠣᠷᠭᠤᠭ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠡᠷᠭᠡ ᠲᠣᠮᠣ ᠬᠡᠯᠪᠡᠷᠢ ᠶᠢᠨ ᠪᠠᠷᠠᠭᠠᠨ ᠤ ᠡᠵᠡᠨ ᠤ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠲᠠᠢ ᠵᠣᠯᠭᠠᠭᠤᠯᠬᠤ ᠶᠢ ᠳᠡᠮᠵᠢᠵᠦ᠂ ᠬᠠᠩᠭᠠᠯᠭ᠎ᠠ  ᠶᠢᠨ ᠬᠡᠯᠬᠢᠶᠡᠰᠦ ᠶᠢᠨ ᠠᠵᠤ ᠠᠬᠤᠶᠢᠯᠠᠯ ᠤᠨ ᠬᠤᠯᠪᠣᠭ᠎ᠠ ᠪᠠᠶᠢᠭᠤᠯᠬᠤ ᠶᠢ ᠠᠬᠢᠭᠤᠯᠤᠨ᠂ ᠬᠠᠩᠭᠠᠯᠭ᠎ᠠ ᠶᠢᠨ ᠬᠡᠯᠬᠢᠶᠡᠰᠦ ᠶᠢᠨ ᠬᠠᠮᠵᠢᠯᠴᠠᠨ ᠬᠥᠭᠵᠢᠬᠦ ᠵᠠᠭᠪᠤᠷ ᠲᠤ ᠰᠢᠨ᠎ᠡ ᠶᠢ ᠡᠭᠦᠳᠴᠦ᠂ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠳᠣᠭᠢᠷᠠᠭᠤᠯᠤᠨ ᠬᠦᠷᠭᠡᠬᠦ ᠵᠡᠷᠭᠡ ᠨᠢᠭᠡ ᠴᠣᠭᠴᠠᠵᠢᠭᠤᠯᠤᠭᠰᠠᠨ ᠪᠠᠷᠠᠭᠠᠨ ᠤ  ᠭᠦᠢᠯᠭᠡᠭᠡ ᠶᠢᠨ ᠦᠢᠯᠡᠴᠢᠯᠡᠭᠡ ᠬᠠᠩᠭᠠᠨ᠎ᠠ᠃     ᠭᠤᠷᠪᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ     ︵ᠨᠢᠭᠡ︶ ᠳᠠᠭᠠᠭᠤᠯᠤᠭᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ     1. ᠣᠷᠣᠨ ᠨᠤᠲᠤᠭ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠦᠶᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠥᠨᠳᠥᠷ ᠡᠬᠢᠯᠡᠯᠲᠡ ᠲᠠᠢ ᠪᠠᠷ ᠥᠪᠥᠷ ᠮᠣᠩᠭᠤᠯ ᠤᠨ ᠪᠣᠳᠠᠲᠠᠶ ᠲᠠᠢ ᠪᠠᠨ ᠤᠶᠠᠯᠳᠤᠭᠤᠯᠤᠨ ᠪᠦᠯᠬᠦᠮ ᠨᠡᠶᠢᠲᠡ ᠶᠢᠨ ᠪᠠᠷᠢᠮᠵᠢᠶ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ᠂ ᠳᠠᠭᠠᠭᠤᠯᠤᠭᠴᠢ ᠠᠵᠤ ᠠᠬᠤᠶᠢᠯᠠᠯ ᠤᠨ ᠪᠠᠷᠢᠮᠵᠢᠶ᠎ᠠ ᠲᠠᠢ ᠬᠠᠷᠭᠤᠭᠤᠯᠬᠤ ᠪᠠ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     2. ᠳᠠᠭᠠᠭᠤᠯᠤᠭᠴᠢ ᠠᠵᠤ ᠠᠬᠤᠶᠢᠯᠠᠯ ᠤᠨ ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠤᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠬᠠᠮᠲᠤᠷᠠᠯᠴᠠᠭᠰᠠᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠬᠡᠯᠬᠢᠶ᠎ᠡ ᠶᠢᠨ ᠬᠠᠮᠢᠶ᠎ᠠ ᠪᠥᠬᠦᠶ ᠠᠵᠤ ᠠᠬᠤᠶᠢᠯᠠᠯ ᠲᠡᠶᠢᠰᠢ ᠨᠡᠭᠡᠭᠡᠯᠲᠡ ᠬᠢᠬᠦ ᠶᠢ ᠠᠬᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃     3. ᠣᠷᠣᠨ ᠨᠤᠲᠤᠭ ᠤᠨ ᠲᠡᠮᠦᠷ ᠵᠠᠮ᠂ ᠪᠡᠯᠡ ᠨᠡᠶᠢᠯᠡᠭᠦᠯᠦᠭᠰᠡᠨ ᠲᠡᠮᠦᠷ ᠵᠠᠮ᠂ ᠲᠡᠮᠦᠷ ᠵᠠᠮ ᠤᠨ ᠲᠤᠰᠬᠠᠶ ᠱᠤᠭᠤᠮ ︵  ᠲᠥᠪᠯᠡᠷᠡᠭᠦᠯᠦᠨ ᠠᠴᠢᠶᠠᠯᠠᠬᠤ ᠥᠷᠲᠡᠭᠡ︶ ᠵᠡᠷᠭᠡ ᠲᠡᠭᠡᠭᠡᠪᠦᠷᠢ ᠶᠢᠨ ᠠᠵᠤ ᠠᠬᠤᠶᠢᠯᠠᠯ ᠤᠨ ᠲᠡᠭᠡᠭᠡᠪᠦᠷᠢ  ᠶᠢᠨ ᠦᠨ᠎ᠡ ᠶᠢ ᠵᠦᠶ ᠵᠣᠬᠢᠰᠲᠠᠶ ᠪᠠᠭᠤᠷᠠᠭᠤᠯᠤᠨ᠎ᠠ᠃     4. ᠲᠡᠮᠦᠷ ᠵᠠᠮ ᠤᠨ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠲᠡᠮᠦᠷ ᠵᠠᠮ ᠤᠨ ᠲᠤᠰᠬᠠᠶ ᠱᠤᠭᠤᠮ  ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠪᠥᠲᠥᠭᠡᠨ ᠪᠠᠶᠢᠭᠤᠯᠬᠤ ᠶᠢᠨ ᠪᠠᠷᠢᠯᠭ᠎ᠠ ᠶᠢᠨ ᠬᠠᠮᠵᠢᠯᠴᠠᠭ᠎ᠠ᠂ ᠠᠵᠢᠯᠯᠠᠭᠠᠨ ᠤ ᠬᠠᠮᠠᠭᠠᠯᠠᠯᠲᠠ ᠪᠠᠷᠢᠯᠭ᠎ᠠ ᠶᠢᠨ ᠠᠵᠢᠯ᠂ ᠥᠨᠳᠥᠷ ᠬᠦᠴᠦᠳᠡᠯ ᠲᠠᠢ ᠣᠶᠢᠷᠠᠲᠤᠭᠰᠠᠨ ᠲᠣᠤᠷ ᠲᠤ ᠴᠠᠬᠢᠯᠭᠠᠨ ᠬᠡᠷᠡᠭᠯᠡᠬᠦ ᠵᠢᠴᠢ ᠬᠥᠮᠥᠷᠭᠡᠯᠡᠨ ᠬᠠᠳᠠᠭᠠᠯᠠᠬᠤ᠂ ᠥᠷᠲᠡᠭᠡ ᠲᠠᠪᠴᠠᠩ ᠳᠤ ᠬᠡᠷᠡᠭᠯᠡᠬᠦ ᠵᠡᠷᠭᠡ ᠵᠠᠷᠤᠳᠠᠯ ᠬᠤᠷᠢᠶᠠᠬᠤ ᠶᠢ ᠵᠠᠯᠠᠷᠠᠭᠤᠯᠤᠨ ᠵᠠᠰᠠᠨ᠎ᠠ︔ ᠲᠡᠮᠦᠷ ᠵᠠᠮ ᠤᠨ ᠲᠤᠰᠬᠠᠶ ᠱᠤᠭᠤᠮ ᠤᠨ ᠰᠡᠯᠪᠢᠨ ᠵᠠᠰᠠᠬᠤ ᠵᠠᠷᠤᠳᠠᠯ ᠢ ᠪᠠᠭᠤᠷᠠᠭᠤᠯᠤᠨ᠎ᠠ᠃     ︵ᠬᠤᠶᠠᠷ︶ ᠳᠠᠭᠠᠭᠤᠯᠤᠭᠴᠢ ᠠᠵᠤ ᠠᠬᠤᠶᠢᠯᠠᠯ ᠤᠨ ᠪᠠᠷᠠᠭᠠᠨ ᠤ ᠢᠷᠡᠯᠲᠡ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ    5. ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠱᠠᠲᠤ ᠬᠤᠪᠢᠶᠠᠨ ᠲᠦᠷᠦᠭᠦᠯᠡᠭᠰᠡᠨ ᠵᠠᠰᠠᠭ ᠤᠨ ᠣᠷᠳᠣᠨ ᠠᠵᠤ ᠠᠬᠤᠶᠢᠯᠠᠯ ᠲᠡᠭᠡᠭᠡᠪᠦᠷᠢ ᠶᠢᠨ ︽ᠬᠤᠶᠠᠷ ᠲᠠᠯ᠎ᠠ ᠠᠴᠠ ᠡᠷᠢᠬᠦ︾ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢ ᠨᠢ ᠰᠦᠪᠡᠭᠴᠢᠯᠡᠭᠦᠯᠵᠦ᠂ ᠦᠶᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠶᠢ ᠲᠦᠯᠬᠢᠨ ᠠᠬᠢᠭᠤᠯᠤᠨ᠎ᠠ︔ ᠬᠤᠶᠠᠷ ᠲᠠᠯ᠎ᠠ ᠪᠠᠷ ᠢᠶᠠᠨ ᠤᠷᠲᠤ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠵᠣᠷᠢᠭᠵᠢᠭᠤᠯᠵᠤ᠂ ︽ᠶᠡᠷᠦᠩᠬᠡᠢ ᠠᠴᠠ ᠶᠡᠷᠦᠩᠬᠡᠢ ᠳᠠᠬᠢ︾ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ  ᠶᠢᠨ ᠬᠡᠯᠬᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃     6. ᠳᠠᠭᠠᠭᠤᠯᠤᠭᠴᠢ ᠠᠵᠤ ᠠᠬᠤᠶᠢᠯᠠᠯ ᠬᠢᠭᠡᠳ ᠨᠡᠭᠦᠷᠡᠰᠦ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠪᠣᠯᠣᠳ ᠲᠡᠮᠦᠷ ᠬᠠᠶᠢᠯᠤᠭᠤᠯᠬᠤ ᠦᠢᠯᠡᠳᠪᠦᠷᠢᠯᠡᠬᠦ ᠦᠢᠯᠡᠳᠬᠦ ᠦᠢᠯᠡᠰ ᠯᠦᠭᠡ ᠠᠭᠤᠰᠤᠯᠴᠠᠨ ᠬᠥᠭᠵᠢᠬᠦ ᠶᠢ ᠬᠥᠲᠥᠯᠥᠨ ᠵᠢᠯᠣᠭᠤᠳᠴᠤ᠂ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠰᠲ᠋ᠣᠺ ᠤᠨ ᠡᠷᠬᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠬᠤᠯᠪᠣᠭ᠎ᠠ ᠪᠠᠷ ᠳᠠᠮᠵᠢᠭᠤᠯᠤᠨ᠂ ᠦᠢᠯᠡᠳᠪᠦᠷᠢᠯᠡᠵᠦ ᠪᠣᠷᠣᠯᠠᠭᠤᠯᠬᠤ ᠲᠡᠭᠡᠭᠡᠪᠦᠷᠢᠯᠡᠬᠦ ᠶᠢᠨ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃     7. ᠾᠧᠪᠧᠶ᠂ ᠯᠢᠶᠣᠤᠨᠢᠩ᠂ ᠲᠢᠶᠠᠨᠵᠢᠨ ᠵᠡᠷᠭᠡ ᠭᠠᠵᠠᠷ ᠤᠨ ᠭᠠᠷᠠᠮ ᠯᠤᠭ᠎ᠠ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠪᠠᠷᠠᠭ᠎ᠠ ᠶᠢᠨ ᠢᠷᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠳᠠᠭᠠᠭᠤᠯᠤᠭᠴᠢ ᠠᠵᠤ ᠠᠬᠤᠶᠢᠯᠠᠯ ᠳᠤ ᠪᠠᠷᠠᠭ᠎ᠠ ᠶᠢᠨ ᠢᠷᠡᠯᠲᠡ ᠶᠢᠨ ᠪᠤᠴᠠᠵᠤ ᠢᠷᠡᠬᠦ ᠮᠡᠳᠡᠭᠡ ᠵᠠᠩᠭᠢ ᠶᠢ ᠬᠠᠩᠭᠠᠨ᠎ᠠ᠃     ︵ᠭᠤᠷᠪᠠ︶ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ    8. ︽ᠡᠬᠡ ᠬᠠᠭᠤᠷᠠᠶ ᠶᠢᠨ ᠭᠠᠷᠠᠮ + ᠰᠢᠨ᠎ᠡ ᠡᠨᠧᠷᠭᠢ + ᠴᠢᠩᠭᠡᠯᠢᠭ︾ ᠵᠡᠷᠭᠡ ᠲᠡᠭᠡᠭᠡᠪᠦᠷᠢ ᠶᠢᠨ ᠲᠠᠯᠠᠪᠠᠢ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠢᠯᠡ ᠪᠠᠷ ᠥᠷᠢᠰᠦᠯᠳᠦᠬᠦ ᠠᠷᠭ᠎ᠠ ᠮᠠᠶ᠋ᠢᠭ ᠢ ᠬᠡᠷᠡᠭᠯᠡᠨ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ ᠡᠵᠡᠩᠨᠡᠯᠲᠡ ᠳᠤ ᠣᠷᠤᠯᠴᠠᠬᠤ ᠠᠵᠤ ᠠᠬᠤᠶᠢᠯᠠᠯ ᠢ ᠰᠤᠩᠭᠤᠨ᠎ᠠ᠃     9. ᠪᠥᠬᠦ ᠣᠷᠣᠨ ᠤ ᠨᠢᠭᠡᠳᠦᠯᠲᠡᠶ ᠲᠣᠭᠠᠴᠢᠯᠠᠭᠰᠠᠨ ᠪᠠᠷᠠᠭᠠᠨ ᠤ ᠭᠦᠢᠯᠭᠡᠭᠡ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠤᠯᠳᠤ ᠪᠠᠷ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠬᠡᠯᠬᠢᠶ᠎ᠡ᠂ ᠬᠥᠨᠳᠡᠯᠡᠨ ᠢᠶᠠᠷ ᠰᠢᠦᠳᠠᠨ ᠤ ᠶᠠᠪᠤᠳᠠᠯ᠂ ᠲᠦᠷᠭᠡᠨ ᠬᠦᠷᠭᠡᠯᠲᠡ᠂ ᠡᠯᠧᠺᠲᠷᠣᠨ ᠬᠤᠳᠠᠯᠳᠤᠭ᠎ᠠ᠂ ᠬᠦᠶᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠠᠪᠴᠠᠩ ᠵᠢᠴᠢ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠬᠤᠭᠤᠷᠣᠨᠳᠣᠬᠢ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠵᠠᠮ ᠮᠥᠷ ᠢ ᠰᠠᠭᠠᠳ ᠥᠬᠡᠶ ᠨᠡᠪᠲᠡᠷᠡᠭᠦᠯᠦᠨ᠂ ᠡᠨᠧᠷᠭᠢ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ᠂ ᠦᠶᠯᠡᠳᠪᠦᠷᠢᠯᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠦᠶᠯᠡᠴᠢᠯᠡᠭᠡᠨ ᠤ  ᠵᠦᠪᠯᠡᠯᠭᠡ᠂ ᠬᠠᠯᠠᠮᠰᠢᠯ ᠤᠲᠠᠰᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠵᠡᠷᠭᠡ ᠴᠢᠳᠠᠮᠵᠢ ᠶᠢ ᠨᠡᠮᠡᠭᠳᠡᠭᠦᠯᠦᠨ᠎ᠡ᠃     10. ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠣᠷᠣᠨ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠵᠡᠷᠭᠡ ᠲᠠᠯᠠᠪᠤᠷ ᠭᠠᠵᠠᠷ ᠲᠤ ᠴᠠᠬᠢᠯᠭᠠᠨ ᠴᠡᠨᠡᠭᠯᠡᠵᠦ ᠳ᠋ᠢᠶᠠᠨ ‍ᠣᠣᠢ ᠰᠣᠯᠢᠬᠤ ᠲᠦᠭᠦᠭᠡᠷᠤᠮᠵᠢ ᠬᠢᠭᠡᠳ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ᠂ ᠠᠭᠤᠷᠬᠠᠶ ᠶᠢᠨ ᠠᠴᠢᠶᠠᠨ ᠤ ᠮᠠᠰᠢᠨ ᠵᠡᠷᠭᠡ ᠲᠤᠰᠬᠠᠶ ᠬᠡᠷᠡᠭᠯᠡᠬᠦ ᠲᠡᠷᠭᠡ ᠬᠥᠰᠬᠡ ᠶᠢᠨ ᠬᠠᠷᠢᠴᠠᠯ ᠨᠢ 1᠄ 4 ᠠᠴᠠ ᠳᠣᠤᠷ᠎ᠠ ᠪᠠᠶᠢᠯᠭᠠᠬᠤ ᠦᠭᠡᠢ ᠪᠠᠷ ᠴᠠᠬᠢᠯᠭᠠᠨ ᠴᠡᠨᠡᠭᠯᠡᠵᠦ ᠳ᠋ᠢᠶᠠᠨ ‍ᠣᠣᠢ ᠰᠣᠯᠢᠬᠤ ᠲᠦᠭᠦᠭᠡᠷᠤᠮᠵᠢ ᠶᠢ ᠪᠠᠶᠢᠭᠤᠯᠤᠨ᠎ᠠ᠃    11. ᠭᠠᠭᠴᠠᠮᠤᠳᠤ - ᠯᠢᠨᠾᠧ ᠵᠡᠷᠭᠡ 6 ᠵᠤᠷᠪᠤᠰ ᠬᠤᠯᠠ ᠵᠠᠶ ᠶᠢᠨ ᠰᠢᠨ᠎ᠡ ᠡᠨᠧᠷᠭᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠵᠢᠱᠢᠶ᠎ᠡ ᠦᠵᠡᠭᠦᠯᠬᠦ ᠨᠡᠪᠲᠡᠷᠡᠬᠦ ᠵᠠᠮ ᠵᠢᠴᠢ ᠡᠳᠦᠶ ᠲᠡᠳᠦᠶ ᠠᠭᠤᠷᠬᠠᠶ ᠶᠢᠨ ᠣᠷᠣᠨ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠴᠠᠬᠢᠯᠭᠠᠨ ᠴᠡᠨᠡᠭᠯᠡᠬᠦ ︵ᠳ᠋ᠢᠶᠠᠨ ‍ᠣᠣᠢ ᠰᠣᠯᠢᠬᠤ︶ ᠥᠷᠲᠡᠭᠡ ᠶᠢ 300 ᠰᠠᠭᠤᠷᠢ ᠪᠠᠶᠢᠭᠤᠯᠤᠨ᠎ᠠ᠃     12. ᠣᠨ ᠤ ᠲᠡᠭᠡᠭᠡᠪᠦᠷᠢ ᠶᠢᠨ ᠬᠡᠷᠡᠭᠴᠡᠭᠡ 150 ᠲᠦᠮᠡᠨ ᠲᠣᠨ ᠠᠴᠠ ᠳᠡᠭᠡᠭᠰᠢ ᠪᠠᠶᠢᠬᠤ ᠲᠣᠮᠣ ᠬᠡᠯᠪᠡᠷᠢ  ᠶᠢᠨ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠰᠢᠨ᠎ᠡ ᠪᠠᠷ ᠪᠠᠶᠢᠭᠤᠯᠬᠤ ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠲᠥᠷᠥᠯ ᠵᠦᠶᠯ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠡᠮᠦᠷ ᠵᠠᠮ ᠤᠨ ᠲᠥᠯᠥᠪᠵᠢᠭᠦᠯᠭᠡ ᠳᠤ ᠣᠷᠣᠭᠤᠯᠤᠨ᠎ᠠ︔ ᠰᠢᠨ᠎ᠡ ᠪᠠᠷ ᠪᠠᠶᠢᠭᠤᠯᠬᠤ ᠲᠡᠮᠦᠷ ᠵᠠᠮ  ᠤᠨ ᠲᠤᠰᠬᠠᠶ ᠱᠤᠭᠤᠮ ᠨᠢ ᠥᠷᠲᠡᠭᠡ ᠲᠠᠯᠠᠪᠤᠷ ᠢᠶᠠᠨ ᠨᠡᠭᠡᠭᠡᠵᠦ ᠦᠨ᠎ᠡ ᠲᠥᠯᠥᠪᠦᠷᠢ ᠲᠠᠢ ᠪᠠᠷ ᠬᠠᠮᠲᠤ ᠬᠡᠷᠡᠭᠯᠡᠨ᠂ ᠤᠷᠲᠤᠳᠬᠠᠨ ᠵᠠᠯᠭᠠᠵᠤ ᠣᠷᠣᠭᠤᠯᠬᠤ ᠨᠥᠬᠦᠴᠡᠯ ᠢ ᠤᠷᠢᠳᠴᠢᠯᠠᠨ ᠦᠯᠡᠳᠡᠭᠡᠨ᠎ᠡ︔ ᠲᠡᠮᠦᠷ ᠵᠠᠮ ᠤᠨ ᠺᠣᠮᠫᠠᠨᠢ ᠬᠢᠭᠡᠳ ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠥᠮᠴᠢᠲᠡᠨ ᠤ ᠨᠢᠭᠡᠴᠢ ᠲᠠᠢ ᠬᠠᠮᠲᠤ ᠪᠠᠷ ᠪᠠᠯᠠ ᠣᠷᠣᠭᠤᠯᠬᠤ᠂ ᠬᠠᠮᠲᠤ ᠪᠠᠷ ᠪᠥᠲᠥᠭᠡᠨ ᠪᠠᠶᠢᠭᠤᠯᠬᠤ᠂ ᠬᠠᠮᠲᠤ ᠪᠠᠷ ᠠᠵᠢᠯᠯᠠᠭᠤᠯᠵᠤ ᠬᠠᠮᠠᠭᠠᠯᠠᠬᠤ ᠶᠢ ᠵᠣᠬᠢᠶᠠᠨ ᠪᠠᠶᠢᠭᠤᠯᠤᠨ᠎ᠠ᠃     13. ᠨᠢᠭᠡᠨᠲᠡ ᠪᠠᠶᠢᠭ᠎ᠠ ᠲᠡᠮᠦᠷ ᠵᠠᠮ ᠤᠨ ᠲᠤᠰᠬᠠᠶ ᠱᠤᠭᠤᠮ ᠢ ᠲᠣᠶᠢᠯᠪᠤᠷᠢᠲᠠᠢ ᠪᠠᠶᠢᠴᠠᠭᠠᠬᠤ ᠶᠢ ᠬᠡᠷᠡᠭᠵᠢᠭᠦᠯᠵᠦ᠂ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠤᠨ ᠤᠷᠲᠤᠳᠬᠠᠨ ᠰᠢᠨ᠎ᠡ ᠪᠠᠷ ᠪᠠᠶᠢᠭᠤᠯᠬᠤ ᠶᠢ ᠳᠡᠮᠵᠢᠵᠦ᠂ ᠦᠷᠭᠦᠯᠵᠢᠯᠡᠨ ᠬᠡᠷᠡᠭᠯᠡᠬᠦ ᠶᠢ ᠬᠥᠭᠵᠢᠭᠡᠨ᠎ᠡ᠃     14. ᠠᠵᠤ ᠦᠶᠯᠡᠰ ᠤᠨ ᠵᠠᠮ ᠢ 1000 ᠺᠢᠯᠣᠮᠧᠲᠷ ᠪᠥᠲᠥᠭᠡᠨ ᠪᠠᠶᠢᠭᠤᠯᠵᠤ᠂ ᠰᠢᠨ᠎ᠡ ᠪᠠᠷ ᠠᠵᠤ ᠦᠶᠯᠡᠰ  ᠤᠨ ᠬᠦᠷᠢᠶᠡᠯᠡᠩ ᠲᠣᠭᠤᠷᠢᠭ ᠵᠢᠴᠢ ᠲᠡᠮᠦᠷ ᠵᠠᠮ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠠᠴᠠ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠨᠡᠪᠲᠡᠷᠡᠬᠦ ᠵᠠᠰᠠᠮᠠᠯ ᠵᠠᠮ ᠢ 20 ᠨᠡᠮᠡᠭᠳᠡᠭᠦᠯᠵᠦ᠂ ᠭᠠᠭᠴᠠᠮᠤᠳᠤ᠂ ᠮᠠᠨᠳᠤᠯ ᠪᠣᠭᠤᠮᠲᠠ ᠵᠡᠷᠭᠡ 4 ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ ᠪᠤᠭᠤᠲᠤ ᠶᠢᠨ ᠲᠢᠶᠧ ᠵᠢᠶᠧ ᠵᠡᠷᠭᠡ 2 ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠮᠠᠨᠵᠤᠤᠷ ᠤᠨ ᠵᠠᠰᠠᠮᠠᠯ ᠵᠠᠮ  ᠤᠨ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠠᠷᠠᠯᠵᠢᠶᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠨ ᠲᠡᠭᠦᠯᠳᠡᠷᠵᠢᠭᠦᠯᠦᠨ᠎ᠡ᠃     15. ᠲᠡᠮᠦᠷ ᠵᠠᠮ ᠤᠨ ᠲᠣᠤᠷ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠵᠢᠨᠢᠩ ᠠᠴᠠ ᠡᠷᠢᠶᠡᠨ ᠬᠦᠷᠬᠦ ᠲᠡᠮᠦᠷ ᠵᠠᠮ ᠤᠨ ᠴᠢᠳᠠᠮᠵᠢ ᠪᠠᠨ ᠦᠷᠭᠡᠳᠬᠡᠨ ᠦᠭᠡᠷᠡᠴᠢᠯᠡᠬᠦ ᠶᠢ ᠲᠦᠷᠭᠡᠳᠬᠡᠵᠦ᠂ ᠭᠠᠭᠴᠠᠮᠤᠳᠤ᠂  ᠴᠡᠭᠡ᠂ ᠮᠠᠨᠳᠤᠯ ᠵᠡᠷᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠤᠯᠭᠠᠭᠤᠷᠢᠯᠠᠨ᠎ᠠ᠃     16. ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠷᠣᠨ ᠪᠠᠶᠢᠷᠢ ᠲᠣᠭᠲᠠᠭᠠᠬᠤ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠦᠶᠯᠡᠴᠢᠯᠡᠭᠡᠨ ᠤ ᠬᠤᠳᠠᠯᠳᠤᠭᠠᠴᠢᠨ ᠳᠤ ᠨᠡᠶᠢᠲᠡᠯᠢᠭ ᠥᠪᠡᠷ ᠤᠨ ᠥᠷᠲᠡᠭ ᠤᠨ ᠪᠠᠶᠢᠴᠠᠭᠠᠯᠲᠠ ᠬᠢᠵᠦ᠂ ᠬᠡᠲᠦ ᠥᠨᠳᠥᠷ ᠰᠦᠶᠳᠬᠡᠯ ᠬᠤᠷᠢᠶᠠᠬᠤ ᠪᠠᠷᠢᠮᠵᠢᠶ᠎ᠠ ᠶᠢ ᠴᠠᠭ ᠲᠤᠬᠠᠶ ᠳᠤ ᠨᠢ ᠲᠣᠬᠢᠷᠠᠭᠤᠯᠤᠨ᠎ᠠ᠃     ︵ᠳᠥᠷᠪᠡ︶ ᠳᠠᠭᠠᠭᠤᠯᠤᠭᠴᠢ ᠠᠵᠤ ᠠᠬᠤᠶᠢᠯᠠᠯ ᠳᠤ ᠦᠶᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ    17. ᠵᠠᠮ ᠤᠨ ᠥᠨᠳᠥᠷ ᠢ ᠬᠢᠵᠠᠭᠠᠷᠯᠠᠵᠤ ᠥᠷᠭᠡᠨ ᠢ ᠬᠢᠵᠠᠭᠠᠷᠯᠠᠬᠤ ᠲᠦᠭᠦᠭᠡᠷᠤᠮᠵᠢ ᠶᠢ ᠲᠣᠭᠲᠠᠭᠠᠯ ᠠᠴᠠ ᠵᠥᠷᠢᠴᠡᠨ ᠪᠠᠶᠢᠷᠢᠯᠠᠭᠤᠯᠬᠤ ᠶᠢ ᠵᠢᠭᠰᠠᠭᠠᠨ ᠪᠠᠶᠢᠴᠠᠭᠠᠵᠤ ᠢᠯᠭᠠᠷᠠᠭᠤᠯᠤᠨ᠎ᠠ︔ ᠰᠢᠨ᠎ᠡ ᠡᠨᠧᠷᠭᠢ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠤᠲᠠ ᠲᠣᠭᠤᠷᠢᠭ ᠢᠶᠠᠷ ᠨᠡᠪᠲᠡᠷᠡᠬᠦ ᠬᠢᠵᠠᠭᠠᠷᠯᠠᠯ ᠢ ᠰᠢᠯᠢᠳᠡᠭᠵᠢᠭᠦᠯᠬᠦ ᠪᠠ ᠪᠠᠭᠠᠰᠬᠠᠵᠤ᠂ ᠬᠤᠲᠠ ᠲᠣᠭᠤᠷᠢᠭ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠨᠡᠪᠲᠡᠷᠡᠬᠦ ᠦᠨᠡᠮᠯᠡᠯ ᠭᠦᠶᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠡᠮᠦᠷ ᠵᠠᠮ᠂ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠡᠷᠭᠡᠴᠡᠭᠰᠡᠨ ᠵᠠᠮ ᠤᠨ ᠬᠡᠰᠡᠭ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠡᠷᠴᠢᠮ ᠢ ᠴᠢᠩᠭᠠᠷᠠᠭᠤᠯᠤᠨ᠎ᠠ᠃     18. ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ᠵᠢᠴᠢ ᠲᠣᠮᠣ ᠬᠡᠯᠪᠡᠷᠢ ᠶᠢᠨ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠲᠡᠷᠭᠡ ᠬᠥᠰᠬᠡ ᠶᠢᠨ ᠳᠥᠭᠦᠮ ᠳᠥᠲᠡ ᠨᠡᠪᠲᠡᠷᠡᠬᠦ᠂ ᠠᠴᠢᠶᠠᠯᠠᠵᠤ ᠪᠠᠭᠤᠯᠭᠠᠬᠤ ᠶᠢ ᠪᠠᠲᠤᠯᠠᠨ᠎ᠠ᠃     19. ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠬᠠᠮᠲᠤᠷᠠᠨ ᠬᠢᠨᠠᠨ ᠬᠠᠮᠢᠶᠠᠷᠬᠤ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠳᠠᠲᠠᠶ ᠳᠠᠭᠠᠭᠠᠨ ᠲᠡᠭᠡᠭᠡᠪᠦᠷᠢᠯᠡᠭᠴᠢ ᠶᠢᠨ ︽ᠥᠯᠥ ᠬᠦᠷᠦᠯᠴᠡᠬᠦ ᠮᠠᠶ᠋ᠢᠭ︾ ᠢᠶᠠᠷ ᠭᠠᠶᠢᠯᠢ ᠭᠦᠶᠴᠡᠳᠬᠡᠬᠦ ᠶᠢ ᠠᠬᠢᠭᠤᠯᠤᠨ᠎ᠠ᠃     20. ᠪᠠᠷᠠᠭᠠᠨ ᠤ ᠭᠦᠢᠯᠭᠡᠭᠡ ᠶᠢᠨ ᠲᠦᠭᠦᠭᠡᠷᠤᠮᠵᠢ ᠶᠢᠨ ᠲᠤᠰᠬᠠᠶ ᠵᠦᠢᠯ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡ ᠶᠢᠨ ᠬᠡᠷᠡᠭᠯᠡᠬᠦ ᠭᠠᠵᠠᠷ ᠤᠨ ᠣᠷᠣᠨ ᠵᠠᠶ ᠶᠢᠨ ᠪᠠᠶᠢᠷᠢ ᠪᠠ ᠭᠠᠵᠠᠷ ᠰᠢᠷᠣᠶ ᠶᠢᠨ ᠰᠢᠨᠵᠢ ᠴᠢᠨᠠᠷ ᠢ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠬᠤ᠂ ᠬᠡᠷᠡᠭᠯᠡᠬᠦ ᠭᠠᠵᠠᠷ ᠤᠨ ᠬᠡᠪᠴᠢᠶ᠎ᠡ ᠨᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠴᠦᠯᠡᠴᠡ ᠲᠠᠢ ᠲᠣᠬᠢᠷᠠᠯᠴᠠᠬᠤ ᠶᠢ ᠪᠠᠲᠤᠯᠠᠨ᠎ᠠ᠃     21. ᠲᠡᠮᠦᠷ ᠵᠠᠮ ᠤᠨ ᠲᠤᠰᠬᠠᠶ ᠱᠤᠭᠤᠮ ᠢ ᠬᠤᠯᠪᠤᠬᠤ ᠰᠠᠨᠠᠯ ᠢ ᠭᠦᠶᠴᠡᠳᠬᠡᠬᠦ ᠴᠠᠭ ᠤᠨ ᠬᠢᠵᠠᠭᠠᠷ ᠢ 20 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠨ᠎ᠠ᠃     22. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠶᠯ ᠤᠨ ᠨᠠᠷᠢᠨ ᠬᠠᠭᠤᠳᠠᠰᠤ ᠳᠤ ᠣᠷᠣᠭᠤᠯᠤᠭᠰᠠᠨ ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠭᠠᠵᠠᠷ ᠰᠢᠷᠣᠶ ᠪᠠ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠬᠤ ᠵᠥᠪᠰᠢᠶᠡᠷᠡᠯ ᠢ ᠤᠯᠤᠰ ᠤᠨ ᠲᠠᠰ ᠤᠨ ᠲᠥᠷᠥᠯ ᠵᠦᠶᠯ ᠤᠨ ᠤᠷᠢᠳ ᠢᠶᠠᠷ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠲᠠᠢ ᠬᠠᠷᠢᠴᠠᠭᠤᠯᠤᠨ᠎ᠠ᠃     23. ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠲᠥᠷᠥᠯ ᠵᠦᠶᠯ  ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠳᠤ ᠲᠠᠯᠠᠪᠤᠷ ᠥᠷᠲᠡᠭᠡ᠂ ᠦᠶᠯᠡᠳᠪᠦᠷᠢᠯᠡᠯ ᠠᠮᠢᠳᠤᠷᠠᠯ ᠤᠨ ᠲᠦᠭᠦᠭᠡᠷᠤᠮᠵᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠦᠶᠯᠡᠳᠪᠦᠷᠢ ᠶᠢᠨ ᠲᠣᠭᠤᠷᠢᠭ ᠬᠢᠭᠡᠳ ᠵᠠᠰᠠᠮᠠᠯ ᠵᠠᠮ  ᠤᠨ ᠬᠤᠯᠪᠣᠬᠤ ᠱᠤᠭᠤᠮ ᠤᠨ ᠢᠨᠵᠧᠨᠧᠷᠢᠩ ᠢ ᠵᠡᠷᠭᠡ ᠪᠠᠷ ᠬᠡᠷᠡᠭᠵᠢᠭᠦᠯᠬᠦ ᠶᠢ ᠳᠡᠮᠵᠢᠨ᠎ᠡ᠃    ︵ᠲᠠᠪᠤ︶ ᠳᠠᠭᠠᠭᠤᠯᠤᠭᠴᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ  ᠢ ᠨᠡᠮᠡᠭᠳᠡᠭᠦᠯᠦᠨ᠎ᠡ    24. ᠰᠢᠨ᠎ᠡ ᠶᠢ ᠡᠭᠦᠳᠬᠦ᠂ ᠠᠵᠢᠯ ᠣᠯᠭᠤᠬᠤ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠶᠢᠨ ᠲᠣᠭᠤᠷᠢᠨ ᠳᠤ ᠳᠠᠭᠠᠭᠤᠯᠤᠭᠴᠢ ᠠᠵᠤ ᠠᠬᠤᠶᠢᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠦᠨᠡᠯᠡᠬᠦ ᠰᠢᠰᠲ᠋ᠧᠮᠵᠢ ᠶᠢ ᠪᠠᠶᠢᠭᠤᠯᠤᠨ᠎ᠠ︔ ᠡᠮᠦᠨ᠎ᠡ 15 ᠳᠤ ᠵᠢᠭᠰᠠᠭᠠᠭᠳᠠᠭᠰᠠᠨ ᠳᠠᠭᠠᠭᠤᠯᠤᠭᠴᠢ ᠠᠵᠤ ᠠᠬᠤᠶᠢᠯᠠᠯ ᠳᠤ ᠲᠠᠰ ᠬᠤᠪᠢᠶᠠᠨ ᠱᠠᠩᠨᠠᠵᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠬᠡᠷᠡᠭᠵᠢᠭᠦᠯᠦᠨ᠎ᠡ᠃     25. ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠲᠡᠭᠡᠭᠡᠪᠦᠷᠢ ᠶᠢᠨ ᠬᠡᠪᠴᠢᠶ᠎ᠡ᠂ ᠨᠡᠮᠡᠭᠳᠡᠯ ᠤᠨ ᠬᠤᠷᠳᠤᠴᠠ᠂ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ᠂ ︽ᠬᠤᠶᠠᠷ ᠲᠠᠯ᠎ᠠ ᠠᠴᠠ ᠡᠷᠢᠬᠦ︾ ᠠᠴᠠ ᠪᠣᠶ ᠪᠣᠯᠤᠭᠰᠠᠨ ᠣᠷᠳᠣ ᠬᠤᠭᠤᠴᠠᠭᠠᠨ ᠤ ᠬᠠᠮᠵᠢᠯᠴᠠᠬᠤ ᠲᠡᠭᠡᠭᠡᠪᠦᠷᠢ ᠶᠢᠨ ᠬᠡᠮᠵᠢᠶ᠎ᠡ ᠵᠡᠷᠭᠡ ᠶᠢᠨ ᠲᠤᠭᠤᠷᠢᠨ ᠳᠤ᠂ ᠡᠯ᠎ᠡ ᠠᠶᠢᠮᠠᠭ ᠬᠤᠲᠠ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠣᠬᠢᠷᠠᠭᠤᠯᠤᠯᠲᠠ ᠪᠠ ᠮᠡᠳᠡᠭᠡᠯᠡᠬᠦ ᠶᠢ ᠴᠢᠩᠭᠠᠳᠬᠠᠨ᠎ᠠ᠃     26. ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠂ ᠵᠢᠯᠣᠭᠤᠴᠢ ᠥᠬᠡᠶ ᠠᠴᠢᠶᠠᠨ ᠤ ᠮᠠᠰᠢᠨ ᠬᠤᠳᠠᠯᠳᠤᠨ ᠠᠪᠬᠤ ᠵᠢᠴᠢ ᠴᠠᠬᠢᠯᠭᠠᠨ ᠴᠡᠨᠡᠭᠯᠡᠵᠦ ᠳ᠋ᠢᠶᠠᠨ ‍ᠤᠤᠢ ᠰᠣᠯᠢᠬᠤ ᠲᠦᠭᠦᠭᠡᠷᠤᠮᠵᠢ ᠪᠠᠶᠢᠭᠤᠯᠬᠤ ᠵᠢᠭᠡᠯᠡᠯᠭᠡ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ  ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ᠪᠥᠭᠡᠳ 2% ᠠᠴᠠ ᠬᠡᠲᠦᠷᠡᠬᠦ ᠦᠭᠡᠢ ᠬᠦᠦ ᠶᠢᠨ ᠨᠣᠷᠮ᠎ᠠ ᠪᠠᠷ᠂ ᠵᠢᠯ ᠪᠦᠷᠢ 200 ᠲᠦᠮᠡᠨ ᠲᠥᠭᠦᠷᠢᠭ ᠤᠨ ᠳᠠᠮ ᠬᠦᠦ ᠶᠢ ᠣᠯᠭᠤᠨ᠎ᠠ᠃    27. ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠥᠪᠡᠷ ᠤᠨ ᠪᠠᠶᠢᠭ᠎ᠠ ︵ᠥᠪᠡᠷ ᠢᠶᠠᠨ ᠬᠡᠷᠡᠭᠯᠡᠬᠦ ᠪᠠ ᠲᠦᠷᠢᠶᠡᠰᠦᠯᠡᠭᠦᠯᠬᠦ ᠪᠠᠭᠲᠠᠨ᠎ᠠ︶ ᠪᠤᠶᠤ ᠲᠦᠷᠢᠶᠡᠰᠦᠯᠡᠭᠰᠡᠨ ᠶᠡᠭᠡ ᠬᠡᠮᠵᠢᠶᠡᠨ ᠤ ᠲᠠᠸᠠᠷ ᠬᠥᠮᠥᠷᠭᠡᠯᠡᠨ ᠬᠠᠳᠠᠭᠠᠯᠠᠬᠤ ᠲᠦᠭᠦᠭᠡᠷᠤᠮᠵᠢ ᠶᠢᠨ ᠬᠡᠷᠡᠭᠯᠡᠬᠦ ᠭᠠᠵᠠᠷ ᠲᠤ ᠬᠠᠷᠢᠶᠠᠯᠠᠭᠳᠠᠬᠤ ᠭᠠᠵᠠᠷ ᠰᠢᠷᠣᠶ ᠶᠢᠨ ᠲᠠᠰ ᠲᠤ ᠳᠣᠭᠢᠷᠠᠬᠤ ᠭᠠᠶᠢᠯᠢ  ᠶᠢᠨ ᠲᠤᠭ᠎ᠠ ᠶᠢᠨ ᠪᠠᠷᠢᠮᠵᠢᠶ᠎ᠠ ᠶᠢᠨ 50% ᠪᠠᠷ ᠪᠤᠳᠤᠵᠤ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃     28. ᠡᠨᠧᠷᠭᠢ ᠶᠢᠨ ᠬᠤᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ᠂ ᠬᠦᠨᠳᠦ ᠪᠣᠬᠢᠷᠲᠤᠯ ᠲᠠᠢ ᠲᠦᠯᠡᠰᠢᠨ ᠲᠣᠰᠣᠨ ᠤ ᠬᠦᠨᠳᠦ ᠠᠴᠢᠶᠠᠨ ᠤ ᠮᠠᠰᠢᠨ ᠢ ᠲᠠᠶᠠᠭᠳᠠᠬᠤ ᠶᠢ ᠶᠡᠭᠡ ᠬᠡᠪᠴᠢᠶ᠎ᠡ ᠪᠠᠷ ᠲᠥᠬᠦᠭᠡᠷᠦᠮᠵᠢ ᠰᠢᠨᠡᠳᠬᠡᠬᠦ ᠲᠥᠯᠥᠪᠯᠡᠭᠡ ᠳᠤ ᠣᠷᠣᠭᠤᠯᠤᠨ᠎ᠠ᠃     29. ᠪᠠᠩᠬᠢ ᠶᠢᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠥᠳᠡᠯᠬᠦ ᠬᠥᠷᠥᠩᠭᠡ ᠪᠠᠷ ᠳᠠᠨᠵᠢᠯᠠᠬᠤ ᠲᠥᠷᠥᠯ ᠤᠨ ᠵᠢᠭᠡᠯᠡᠯᠭᠡ ᠶᠢᠨ ᠪᠦᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ ᠤᠨ ᠪᠠᠯᠠ ᠲᠣᠬᠢᠷᠠᠭᠤᠯᠭ᠎ᠠ ᠶᠢᠨ ᠰᠢᠶᠳᠪᠦᠷᠢᠯᠡᠬᠦ ᠲᠥᠰᠦᠯ ᠢ ᠭᠠᠷᠭᠠᠨ᠎ᠠ᠃     30. ᠨᠢᠭᠡᠨᠲᠡ ᠨᠡᠶᠢᠲᠡᠯᠡᠭᠰᠡᠨ ᠪᠠᠷᠠᠭᠠᠨ ᠤ ᠭᠦᠢᠯᠭᠡᠭᠡ ᠶᠢᠨ ᠰᠦᠶᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠶᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠪᠠ ᠢᠯᠡ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠰᠦᠶᠳᠬᠡᠯ ᠬᠤᠷᠢᠶᠠᠬᠤ ᠢᠯᠡ ᠪᠣᠯᠭᠠᠬᠤ ᠬᠡᠮᠵᠢᠶ᠎ᠡ ᠶᠢ ᠨᠡᠮᠡᠭᠳᠡᠭᠦᠯᠦᠨ᠎ᠡ ᠃     ᠳᠥᠷᠪᠡ᠂ ᠪᠠᠲᠤᠯᠬᠠᠤ ᠠᠷᠭ᠎ᠠ ᠬᠡᠮᠵᠢᠶ᠎ᠡ     ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠦᠷ᠎ᠡ ᠪᠦᠲᠦᠮᠵᠢ ᠶᠢ ᠳᠠᠭᠠᠬᠤ ᠪᠠᠨ ᠴᠢᠩᠭᠠᠷᠠᠭᠤᠯᠵᠤ᠂ ᠪᠣᠳᠠᠲᠠᠶ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ︔ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢᠨ ᠮᠡᠳᠡᠭᠡᠯᠡᠬᠦ ᠲᠣᠭᠲᠠᠴᠠ ᠶᠢ ᠪᠠᠶᠢᠭᠤᠯᠤᠨ᠂ ᠮᠡᠳᠡᠭᠡᠯᠡᠭᠰᠡᠨ ᠡᠭᠦᠷᠭᠡ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠵᠤ ᠲᠣᠬᠢᠷᠠᠭᠤᠯᠤᠭᠰᠠᠨ ᠢ ᠮᠠᠭᠠᠳᠯᠠᠨ ᠲᠣᠭᠲᠠᠭᠠᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠠᠳᠠᠯᠤᠯᠲᠠ ᠬᠢᠵᠦ᠂ ᠴᠠᠭ ᠲᠤᠬᠠᠶ ᠳᠤ ᠨᠢ ᠳᠣᠭᠢᠷᠠᠭᠤᠯᠤᠨ ᠲᠡᠭᠦᠯᠳᠡᠷᠵᠢᠭᠦᠯᠦᠨ᠎ᠡ᠃ 12328 ᠬᠠᠯᠠᠮᠰᠢᠯ ᠤᠲᠠᠰᠤ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠰᠬᠠᠶ ᠨᠡᠪᠲᠡᠷᠡᠬᠦ ᠵᠠᠮ ᠢ ᠨᠡᠮᠡᠵᠦ ᠪᠠᠶᠢᠭᠤᠯᠤᠨ᠂ ︽ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠲᠠᠪᠴᠠᠩ︾ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠳᠤ ᠦᠢᠯᠡᠴᠢᠯᠡᠬᠦ ᠮᠣᠳᠦ᠋ᠯ ᠢ ᠪᠠᠶᠢᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠭᠥᠯᠢᠶᠡᠨ ᠠᠪᠴᠤ ᠰᠢᠢᠳᠪᠦᠷᠢᠯᠡᠨ᠎ᠡ᠃ ᠡᠯ᠎ᠡ ᠠᠶᠢᠮᠠᠭ ᠬᠤᠲᠠ ᠨᠢ ᠵᠣᠬᠢᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠢᠶ᠎ᠠ ᠣᠷᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠮᠵᠢᠶ᠎ᠡ ᠪᠠ ᠲᠡᠭᠡᠭᠡᠪᠦᠷᠢ ᠶᠢᠨ ᠡᠷᠴᠢᠮ ᠲᠠᠢ ᠤᠶᠠᠯᠳᠤᠭᠤᠯᠤᠨ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠲᠣᠭᠲᠠᠮᠠᠯ ᠬᠤᠭᠤᠴᠠᠭ᠎ᠠ  ᠲᠠᠢ ᠪᠠᠷ ᠬᠢᠨᠠᠨ ᠰᠢᠨᠵᠢᠵᠦ ᠵᠠᠳᠠᠯᠤᠯᠲᠠ ᠬᠢᠵᠦ᠂ ᠡᠯ᠎ᠡ ᠵᠦᠶᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠠᠬᠢᠭᠤᠯᠤᠨ᠎ᠠ᠃ ᠨᠢᠭᠡᠨᠲᠡ ᠮᠠᠭᠠᠳᠯᠠᠨ ᠲᠤᠭᠲᠠᠭᠠᠭᠰᠠᠨ ᠬᠠᠷᠢᠶ᠎ᠠ ᠣᠷᠣᠨ ᠳᠠᠬᠢ ᠳᠠᠭᠠᠭᠤᠯᠤᠭᠴᠢ ᠠᠵᠤ ᠠᠬᠤᠶᠢᠯᠠᠯ ᠳᠤ ᠰᠠᠭᠤᠵᠤ ᠪᠠᠶᠢᠭᠠᠳ ᠬᠠᠪᠰᠤᠷᠤᠨ ᠲᠡᠳᠬᠦᠬᠦ ᠠᠷᠭ᠎ᠠ ᠶᠢ ᠠᠪᠴᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠲᠣᠭᠲᠠᠭᠠᠬᠤ ᠪᠠᠷ ᠳᠠᠮᠵᠢᠨ ᠠᠵᠤ ᠠᠬᠤᠶᠢᠯᠠᠯ ᠤᠨ ᠪᠣᠳᠠᠲᠠᠶ ᠬᠦᠴᠢᠷᠳᠡᠯ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号