ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠬᠤ ᠶᠢᠨ ᠲᠦᠯᠦᠭᠡ ᠡᠨᠡ ᠮᠡᠳᠡᠭᠳᠡᠯ  ᠳᠤ ᠰᠢᠨ᠎ᠡ ᠱᠠᠭᠠᠷᠳᠠᠯᠭ᠎ᠠ ᠲᠠᠢ ᠪᠣᠯᠵᠠᠢ
ᠨᠡᠶᠢᠲᠡᠯᠡᠭᠰᠡᠨ ᠴᠠᠭ᠄
2024/7/3
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠲᠥᠷᠥᠯ ᠤᠨ ᠶᠠᠰᠤ ᠴᠢᠨᠠᠷ ᠤᠨ ᠠᠮᠤᠷ ᠲᠦᠪᠰᠢᠨ  ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ ᠶᠤᠮ᠃
20240703.jpg
    ︽ᠮᠡᠳᠡᠭᠳᠡᠯ︾ ᠳᠤ ᠥᠪᠡᠷᠲᠡᠭᠡᠨ ᠵᠠᠰᠠᠬᠤ ᠣᠷᠣᠨ ᠤ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ  ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠶᠯ ᠤᠨ ᠲᠤᠭ᠎ᠠ ᠬᠡᠮᠵᠢᠶ᠎ᠡ ᠪᠠᠷ ᠣᠯᠠᠨ᠂ ᠲᠠᠷᠬᠠᠯᠲᠠ ᠪᠠᠷ ᠥᠷᠭᠡᠨ ᠮᠥᠷᠲᠡᠭᠡᠨ ᠠᠵᠢᠯ ᠤᠨ ᠬᠤᠭᠤᠴᠠᠭ᠎ᠠ ᠨᠢ ᠣᠬᠤᠷ ᠵᠡᠷᠭᠡ ᠣᠨᠴᠠᠯᠢᠭ ᠲᠤ ᠴᠢᠭᠯᠡᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠵᠤ᠂ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠴᠤᠪᠤᠷᠠᠯ ᠢ ᠵᠢᠷᠤᠮᠵᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠠᠭᠤᠯᠭ᠎ᠠ ᠶᠢ ᠨᠠᠷᠢᠯᠢᠬᠵᠢᠭᠤᠯᠪᠠ᠃ ᠤᠯᠤᠰ ᠮᠤᠵᠢ ᠶᠢᠨ ᠭᠤᠣᠯ ᠱᠤᠭᠤᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠭᠤᠣᠯ ᠴᠣᠭᠴᠠ᠂ ᠬᠦᠯᠢᠶᠡᠨ ᠠᠪᠬᠤ ᠳᠡᠰ ᠳᠠᠷᠠᠭᠠᠯᠠᠯ᠂ ᠬᠢᠨᠠᠯᠲᠠ ᠲᠠᠯᠪᠢᠬᠤ ᠴᠤᠪᠤᠷᠠᠯ᠂ ᠬᠢᠨᠠᠯᠲᠠ ᠲᠠᠯᠪᠢᠬᠤ ᠳᠠᠪᠲᠠᠮᠵᠢ ᠤᠳᠠᠭ᠎ᠠ᠂ ᠬᠢᠨᠠᠯᠲᠠ ᠲᠠᠯᠪᠢᠬᠤ ᠠᠭᠤᠯᠭ᠎ᠠ ᠪᠣᠯᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠲᠣᠳᠣᠷᠬᠠᠶᠢᠯᠠᠬᠤ ᠪᠠ ᠱᠠᠭᠠᠷᠳᠠᠵᠠᠶ᠃     ︽ᠮᠡᠳᠡᠭᠳᠡᠯ︾ ᠳᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠴᠥᠮ ᠤᠯᠤᠰ ᠮᠤᠵᠢ ᠶᠢᠨ ᠭᠤᠤᠯ ᠱᠤᠭᠤᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠡᠭᠦᠷᠭᠡ ᠲᠣᠳᠣᠷᠬᠠᠶ᠂ ᠲᠤᠰᠢᠶᠠᠯ ᠬᠠᠷᠢᠭᠤᠴᠠᠯᠭ᠎ᠠ ᠲᠣᠳᠣᠷᠬᠠᠶ᠂ ᠣᠷᠣᠭᠤᠯᠤᠯᠲᠠ ᠶᠢ ᠪᠠᠲᠤᠯᠠᠬᠤ ᠪᠠ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠤᠯᠤᠰ ᠮᠤᠵᠢ ᠶᠢᠨ ᠭᠤᠤᠯ ᠱᠤᠭᠤᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠴᠢᠨᠠᠷ ᠰᠠᠶᠢᠲᠠᠶ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号