︽ᠭᠠᠴᠠᠭ᠎ᠠ ᠳᠤ ᠣᠴᠢᠬᠤ ᠵᠠᠮ︾ ᠵᠢᠴᠢ 2024 ᠣᠨ ᠤ ︽ᠡᠭᠦᠲᠡᠨ ᠠᠴᠠ ᠰᠤᠨᠤᠯᠵᠠᠭᠰᠠᠨ ᠵᠠᠮ︾᠎ ᠤᠨ ᠭᠤᠤᠯ ᠰᠡᠳᠦᠪᠲᠦ ᠤᠬᠠᠭᠤᠯᠭ᠎ᠠ ᠶᠢᠨ ᠥᠪᠥᠷ ᠮᠣᠩᠭᠤᠯ ᠳᠠᠬᠢ ᠠᠶᠠᠯᠠᠯ ᠡᠬᠢᠯᠡᠪᠡ
ᠨᠡᠶᠢᠲᠡᠯᠡᠭᠰᠡᠨ ᠴᠠᠭ᠄
2024/7/30
    7 ᠳ᠋ᠤᠭᠠᠷ ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠭᠤᠤᠯᠯᠠᠨ ᠡᠷᠭᠢᠯᠡᠭᠰᠡᠨ ︽ᠭᠠᠴᠠᠭ᠎ᠠ ᠳᠤ ᠣᠴᠢᠬᠤ ᠵᠠᠮ︾ ᠵᠢᠴᠢ 2024 ᠣᠨ ᠤ             ︽ᠡᠭᠦᠲᠡᠨ ᠠᠴᠠ ᠰᠤᠨᠤᠯᠵᠠᠭᠰᠠᠨ ᠵᠠᠮ︾᠎ ᠤᠨ ᠭᠤᠤᠯ ᠰᠡᠳᠦᠪᠲᠦ ᠤᠬᠠᠭᠤᠯᠭ᠎ᠠ ᠶᠢᠨ ᠥᠪᠥᠷ ᠮᠣᠩᠭᠤᠯ ᠤᠨ ᠠᠶᠠᠯᠠᠯ ᠤᠨ ᠠᠵᠢᠯᠯᠠᠭ᠎ᠠ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠳᠤ ᠡᠬᠢᠯᠡᠪᠡ᠃
202407301042.jpg
202407301043.jpg
    2019 ᠣᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠪᠣᠯᠤᠨ ᠵᠠᠰᠠᠮᠠᠯ ᠵᠠᠮ ᠤᠨ ᠲᠣᠪᠴᠢᠶ᠎ᠠ ᠬᠠᠮᠲᠤ ᠪᠠᠷ ︽ᠡᠭᠦᠲᠡᠨ ᠠᠴᠠ ᠰᠤᠨᠤᠯᠵᠠᠭᠰᠠᠨ ᠵᠠᠮ︾᠎ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠲᠥᠰᠦᠪᠯᠡᠨ ᠡᠬᠢᠯᠡᠭᠦᠯᠪᠡ᠃ 5 ᠵᠢᠯ ᠤᠨ ᠲᠤᠷᠰᠢ᠂ ᠲᠤᠰ ᠠᠵᠢᠯᠯᠠᠭ᠎ᠠ ᠨᠢ 50 ᠵᠣᠷᠪᠤᠰ ᠪᠦᠬᠦ ᠤᠯᠤᠰ ᠢ ᠪᠦᠷᠬᠦᠭᠰᠡᠨ ᠣᠨ ᠤ ︽ᠠᠷᠪᠠᠨ ᠶᠡᠭᠡ ᠬᠠᠮᠤᠭ ᠤᠨ ᠦᠵᠡᠰᠬᠦᠯᠡᠩᠲᠦ ᠬᠥᠳᠡᠭᠡ ᠲᠣᠰᠬᠤᠨ ᠤ ᠵᠠᠮ︾᠂ 28 ᠵᠣᠷᠪᠤᠰ ︽ᠬᠦᠮᠦᠰ ᠲᠤ ᠬᠠᠮᠤᠭ ᠠᠴᠠ ᠲᠠᠭᠠᠯᠠᠭᠳᠠᠭᠰᠠᠨ ᠵᠠᠮ︾ ᠪᠣᠯᠤᠨ 1 ᠵᠣᠷᠪᠤᠰ ︽ᠬᠠᠮᠤᠭ ᠤᠨ ᠷᠣᠮᠠᠨᠲ᠋ᠢᠭ ᠵᠠᠮ︾᠎ ᠢ ᠰᠣᠩᠭᠤᠨ ᠭᠠᠷᠭᠠᠵᠠᠢ᠃ ᠡᠨᠡ ᠬᠤᠭᠤᠴᠠᠭᠠᠨ ᠎ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠠᠷᠪᠠᠨ ᠶᠡᠭᠡ ᠬᠠᠮᠤᠭ ᠤᠨ ᠦᠵᠡᠰᠬᠦᠯᠡᠩᠲᠦ ᠬᠥᠳᠡᠭᠡ ᠲᠣᠰᠬᠤᠨ ᠤ ᠵᠠᠮ︾᠎ ᠢ ᠰᠣᠩᠭᠤᠨ ᠲᠠᠨᠢᠯᠴᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ 5 ᠵᠢᠯ ᠤᠨ ᠬᠤᠭᠤᠴᠠᠭᠠᠨ ᠳᠤ 2 ᠵᠤᠷᠪᠤᠰ ᠣᠨ ᠤ ︽ᠠᠷᠪᠠᠨ ᠶᠡᠭᠡ ᠬᠠᠮᠤᠭ ᠤᠨ ᠦᠵᠡᠰᠬᠦᠯᠡᠩᠲᠦ ᠬᠥᠳᠡᠭᠡ ᠲᠣᠰᠬᠤᠨ ᠤ ᠵᠠᠮ︾᠂ 1 ᠵᠤᠷᠪᠤᠰ ︽ᠡᠭᠦᠲᠡᠨ ᠠᠴᠠ ᠰᠤᠨᠤᠯᠵᠠᠭᠰᠠᠨ ᠵᠠᠮ︾᠎ ᠢ ᠴᠢᠷᠮᠠᠶᠢᠨ ᠡᠭᠦᠳᠴᠡᠶ᠃
202407301044.jpg
    ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠎ ᠤᠨ ᠶᠡᠷᠦᠩᠬᠡᠶ ᠣᠷᠳᠣ 17.7 ᠲᠦᠮᠡᠨ ᠺᠢᠯᠣᠮᠧᠲᠷ ᠲᠤ ᠬᠦᠷᠴᠦ᠂ 779 ᠰᠤᠮᠤ ᠰᠢᠶᠠᠩ ᠪᠠᠯᠭᠠᠰᠤ ᠪᠣᠯᠤᠨ 11050 ᠭᠠᠴᠠᠭ᠎ᠠ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠵᠦ᠂ ᠪᠥᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠯᠲᠡ ᠶᠢᠨ ᠭᠦᠨᠴᠡ᠂ ᠪᠦᠷᠬᠦᠴᠡ ᠶᠢᠨ ᠥᠷᠭᠡᠴᠡ᠂ ᠦᠶᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃     ᠲᠣᠰ ᠤᠳᠠᠭᠠᠨ ᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ 7 ᠳ᠋ᠤᠭᠠᠷ ᠰᠠᠷ᠎ᠠ ᠶᠢᠨ 25᠎ ᠤ ᠡᠳᠦᠷ ᠎ ᠠᠴᠠ ᠡᠬᠢᠯᠡᠵᠦ᠂ 8 ᠳ᠋ᠤᠭᠠᠷ ᠰᠠᠷ᠎ᠠ ᠶᠢᠨ 16᠎ ᠤ ᠡᠳᠦᠷ ᠳᠠᠭᠤᠰᠤᠨ᠂ ᠬᠤᠶᠠᠷ ᠱᠠᠲᠤ ᠬᠤᠪᠢᠶᠠᠨ ᠶᠠᠪᠤᠭᠳᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠲᠥᠪ᠂ ᠥᠪᠡᠷᠲᠡᠭᠡᠨ ᠵᠠᠰᠠᠬᠤ ᠣᠷᠣᠨ᠂ ᠠᠵᠢᠯ ᠲᠥᠷᠥᠯ ᠠᠴᠠ ᠢᠷᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ ᠣᠩᠨᠢᠭᠤᠳ ᠬᠤᠰᠢᠭᠤ᠂ ᠬᠥᠯᠥᠨ ᠪᠣᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤ᠂ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠎ ᠤᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠢᠯᠡᠳᠲᠡ ᠦᠷ᠎ᠡ ᠪᠦᠲᠦᠮᠵᠢ ᠶᠢ ᠪᠥᠬᠦ ᠦᠵᠡᠮᠵᠢ ᠶᠢᠨ ᠬᠡᠯᠪᠡᠷᠢ ᠎ ᠪᠠᠷ ᠳᠡᠯᠭᠡᠨ ᠦᠵᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
202407301045.jpg
202407301046.jpg
    ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ᠂ ᠵᠠᠰᠠᠮᠠᠯ ᠵᠠᠮ ᠎ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号