ᠤᠯᠠᠭᠠᠨᠴᠠᠪ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠵᠠᠰᠠᠮᠠᠯ ᠵᠠᠮ ᠤᠨ ᠬᠥᠭᠦᠷᠭᠡ ᠶᠢᠨ ᠤᠰᠤᠨ ᠳᠤ ᠡᠪᠳᠡᠭᠳᠡᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/31
    ᠲᠦᠷᠦᠭᠦᠬᠡᠨ᠂ ᠤᠯᠠᠭᠠᠨᠴᠠᠪ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ 2024 ᠣᠨ ᠤ ᠵᠠᠰᠠᠮᠠᠯ ᠵᠠᠮ ᠤᠨ ᠬᠥᠭᠦᠷᠭᠡ ᠶᠢᠨ ᠤᠰᠤᠨ ᠳᠤ ᠡᠪᠳᠡᠭᠳᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠰᠣᠷᠢᠯᠲᠠ ᠨᠢ ᠭᠤᠣᠯ ᠦᠶᠡᠷ ᠤᠨ ᠬᠤᠭᠤᠴᠠᠭᠠᠨ ᠳᠤ ᠣᠷᠤᠭᠰᠠᠨ ᠢ ᠳᠠᠭᠤᠷᠢᠶᠠᠵᠤ᠂ ᠨᠢᠭᠡ ᠬᠥᠭᠦᠷᠭᠡ ᠨᠢ ᠦᠷᠭᠦᠯᠵᠢᠯᠡᠨ ᠰᠢᠷᠦᠭᠦᠨ ᠪᠣᠷᠣᠭᠠᠨ ᠤᠷᠤᠭᠰᠠᠨ ᠠᠴᠠ ᠪᠣᠯᠵᠤ᠂ ᠬᠥᠭᠡᠷᠭᠡᠨ ᠦᠵᠦᠭᠦᠷ ᠤᠨ ᠵᠠᠮ ᠨᠢ ᠡᠪᠳᠡᠭᠳᠡᠵᠦ᠂ ᠵᠠᠮ ᠤᠨ ᠰᠠᠭᠤᠷᠢ ᠨᠢ ᠤᠷᠤᠰᠬᠠᠯ ᠳᠤ ᠬᠤᠭᠤᠰᠤᠨ ᠪᠣᠯᠵᠤ᠂ ᠵᠠᠮ ᠤᠨ ᠭᠠᠳᠠᠷᠭᠤ ᠨᠢ ᠴᠦᠮᠦᠷᠡᠵᠦ ᠵᠠᠮ ᠬᠠᠷᠢᠯᠴᠠᠭ᠎ᠠ ᠲᠠᠰᠤᠯᠳᠠᠵᠤ᠂ ᠲᠤᠰ ᠲᠥᠪ ᠨᠢ ᠵᠠᠰᠠᠮᠠᠯ ᠵᠠᠮ ᠤᠨ ᠬᠥᠭᠦᠷᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠠᠭ ᠲᠤᠬᠠᠢ ᠳᠤ ᠨᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃    ᠰᠣᠷᠢᠯᠲᠠ ᠪᠠᠷ ᠳᠠᠮᠵᠢᠨ᠂ ᠲᠤᠰ ᠲᠥᠪ ᠨᠢ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠵᠢᠯᠴᠠᠬᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠠᠵᠢᠯ ᠢ ᠴᠠᠭ ᠲᠤᠬᠠᠢ ᠳᠤ ᠨᠢ ᠡᠬᠢᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃                                                 ︵ᠶᠠᠩ ᠸᠧᠨ ᠨᠢᠩ︶   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号