ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠬᠢᠨᠠᠨ ᠵᠥᠪᠯᠡᠪᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/31
    ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃    ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠢᠷ ᠢ ᠰᠥᠷᠦᠨ ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠠᠢ ᠭᠡᠵᠦ ᠦᠵᠡᠪᠡ᠃    ᠬᠤᠷᠠᠯ ᠠᠴᠠ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠢ ᠶᠢᠨ ᠡᠷᠭᠢᠯᠲᠡ ᠳᠤ ᠵᠠᠳᠠᠷᠠᠯ ᠭᠠᠷᠴᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠮᠥᠨ ᠬᠦ ᠨᠡᠯᠢᠶᠡᠳ ᠤᠯᠠᠨ ᠪᠠᠶᠢᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠡᠪᠡᠷᠰᠢᠶᠡᠯ ᠣᠷᠣᠰᠢᠵᠤ ᠪᠠᠶᠢᠨ᠎ᠠ᠃ ᠡᠳᠡᠭᠡᠷ ᠪᠣᠯ ᠬᠥᠭᠵᠢᠯᠲᠡ ᠶᠢᠨ ᠳᠤᠮᠳᠠᠬᠢ᠂ ᠭᠡᠯᠪᠡᠷᠢ ᠶᠢ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ᠂ ᠪᠢᠳᠡ ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠪᠥᠭᠡᠳ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠯᠲᠠ ᠶᠢᠨ ᠤᠨᠤᠯ ᠢ ᠳᠠᠭᠤᠷᠢᠰᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠠᠰᠢ ᠬᠦᠨᠳᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠭᠦᠨᠵᠡᠭᠡᠶᠢᠷᠡᠭᠦᠯᠵᠦ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦᠨ ᠪᠤᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ ᠪᠣᠯᠪᠠᠰᠤᠷᠠᠩᠭᠤᠢ᠂ ᠪᠣᠳᠠᠲᠠᠢ ᠨᠠᠶᠢᠳᠠᠪᠤᠷᠢᠵᠢᠭᠤᠯᠤᠭᠳᠠᠵᠤ ᠳᠡᠶᠢᠯᠬᠦ᠋ᠢᠴᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠵᠠᠷᠢᠮ ᠭᠠᠵᠠᠷ ᠣᠷᠣᠨ ᠤ ᠵᠠᠰᠠᠭ ᠵᠠᠬᠢᠷᠭᠠᠨ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠬᠤ ᠬᠡᠷᠡᠭᠲᠡᠢ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠷᠬᠡ ᠲᠡᠭᠰᠢ ᠪᠠᠷ ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠨ ᠢᠶᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠷᠸ᠎ᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠨᠥᠭᠡᠴᠡᠯᠡᠬᠦ ᠶᠢᠨ ᠬᠠᠮᠲᠤ ᠬᠡᠮᠵᠢᠶ᠎ᠡ ᠶᠢ ᠨᠡᠮᠡᠭᠳᠡᠭᠦᠯᠬᠦ‍ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠬᠦ ᠬᠡᠷᠡᠭᠲᠡᠢ᠃ ᠲᠤᠰᠬᠠᠢ ᠵᠢᠭᠡᠯᠡᠯᠭᠡ ᠶᠢ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠵᠦ᠂ ᠣᠷᠳᠣ ᠬᠤᠭᠤᠴᠠᠭᠠᠨ ᠤ ᠤᠯᠤᠰ ᠤᠨ ᠣᠨᠴᠠ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠠᠩ ᠡᠷᠴᠢᠮ ᠲᠠᠢ ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠤᠯᠠᠨ ᠵᠦᠢᠯ ᠤᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠤᠨ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠨ ᠬᠦ ᠴᠢᠩᠭᠠᠳᠬᠠᠵᠤ᠂ ᠡᠯ᠎ᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ ᠨᠢᠷᠤᠭᠤ ᠲᠤᠯᠭᠠᠭᠤᠷᠢ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠬᠡᠷᠡᠭᠯᠡᠭᠡ ᠶᠢ ᠬᠥᠭᠵᠢᠭᠡᠬᠦ ᠪᠠᠷ ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠬᠠᠨᠳᠤᠭᠤᠯᠵᠤ᠂ ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠬᠡᠷᠡᠭᠯᠡᠭᠡᠨ ᠤ ᠴᠢᠳᠠᠪᠤᠷᠢ ᠪᠣᠯᠣᠨ ᠬᠦᠰᠡᠯ ᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ ᠲᠡᠰ ᠳᠡᠪᠰᠢᠭᠦᠯᠬᠦ ᠴᠢᠬᠤᠯᠠ ᠭᠠᠷᠳᠠᠴᠠ ᠪᠤᠯᠭᠠᠵᠤ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ᠂ ᠭᠡᠷ ᠠᠬᠤᠢ ᠵᠡᠷᠭᠡ ᠬᠡᠷᠡᠭᠯᠡᠭᠡ ᠶᠢ ᠳᠡᠮᠵᠢᠬᠦ ᠬᠡᠷᠡᠭᠲᠡᠢ᠃ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠤᠯᠠᠮ ᠳᠠᠶᠢᠴᠢᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠶᠡᠭᠡ ᠪᠠᠷ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠲᠦᠷᠭᠡᠨ ᠬᠥᠭᠵᠢᠵᠦ ᠪᠠᠶᠢᠭ᠎ᠠ ᠠᠵᠤ ᠠᠬᠤᠶᠢᠯᠠᠯ᠂ ᠵᠠᠬ᠎ᠠ ᠳᠤ ᠭᠠᠷᠤᠭ᠎ᠠ ᠦᠭᠡᠢ ᠦᠢᠯᠡᠰ ᠪᠣᠰᠬᠠᠭᠴᠢ ᠠᠵᠤ ᠠᠬᠤᠶᠢᠯᠠᠯ ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ ᠬᠥᠭᠵᠢᠭᠦᠯᠬᠦ ᠬᠡᠷᠡᠭᠲᠡᠢ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ︽ᠬᠤᠮᠢᠷᠠᠭ᠎ᠠ︾ ᠮᠠᠭᠤ ᠣᠷᠴᠢᠯᠲᠤ ᠥᠷᠢᠰᠦᠯᠳᠦᠭᠡᠨ ᠢ ᠰᠡᠷᠭᠡᠶᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ ᠲᠣᠭᠲᠠᠴᠠ ᠶᠢ ᠴᠢᠩᠭᠠᠳᠬᠠᠵᠤ᠂ ᠬᠤᠴᠤᠷᠤᠩᠭᠤᠢ ᠳᠣᠣᠷ᠎ᠠ ᠪᠦᠲᠦᠮᠵᠢᠲᠡᠢ ᠦᠢᠯᠡᠳᠪᠦᠷᠢᠯᠡᠯ ᠤᠨ ᠴᠢᠳᠠᠪᠤᠷᠢ ᠶᠢᠨ ᠤᠬᠤᠷᠢᠨ ᠭᠠᠷᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠢ ᠪᠤᠯᠭᠠᠵᠤ᠂ ᠪᠠᠶᠢᠭᠤᠯᠤᠯ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠥᠷᠭᠡᠳᠬᠡᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠣᠷᠣᠭᠤᠯᠬᠤ ᠶᠢ ᠵᠥᠪᠰᠢᠶᠡᠷᠡᠬᠦ ᠬᠢᠵᠠᠭᠠᠷᠯᠠᠯ ᠤᠨ ᠠᠷᠭ᠎ᠠ ᠬᠡᠮᠵᠢᠶ᠎ᠡ ᠶᠢᠨ ︽ᠲᠡᠭ ᠪᠤᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶᠢᠯᠠᠯ ᠤᠨ ᠲᠣᠭᠲᠠᠭᠤᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠢᠳᠡᠪᠬᠢᠲᠡᠢ ᠪᠤᠶᠢᠵᠢᠭᠤᠯᠵᠤ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ ᠶᠢ ᠥᠷᠭᠡᠳᠬᠡᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠳᠠᠭᠠᠯᠠᠭᠳᠠᠴᠠ ᠶᠢ ᠰᠢᠩᠭᠡᠭᠡᠬᠦ ᠪᠠ ᠨᠡᠮᠡᠭᠳᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠢᠳᠡᠪᠬᠢᠲᠡᠢ ᠳᠡᠮᠵᠢᠵᠦ᠂ ᠪᠠᠲᠤᠯᠠᠨ ᠲᠤᠰᠢᠶᠠᠬᠤ ᠭᠡᠷ ᠪᠠᠶᠢᠰᠢᠩ ᠤᠨ ᠠᠵᠢᠯ ᠢ ᠤᠯᠠᠮ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ ᠠᠷᠢᠯᠭᠠᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ᠂ ᠪᠡᠯᠡ ᠣᠷᠣᠭᠤᠯᠤᠭᠴᠢᠳ ᠤᠨ ᠢᠲᠡᠭᠡᠯ ᠵᠣᠷᠢᠭ ᠢ ᠬᠥᠪᠴᠢᠯᠡᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠦᠭᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠬᠢᠬᠦ ᠬᠡᠷᠡᠭᠲᠡᠢ᠃ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠤᠷᠭᠢᠯ ᠬᠤᠭᠤᠴᠠᠭ᠎ᠠ ᠶᠢ ᠤᠭᠲᠤᠵᠤ ᠵᠤᠨ ᠢ ᠥᠩᠭᠡᠷᠡᠭᠦᠯᠬᠦ ᠬᠤᠭᠤᠴᠠᠭᠠᠨ ᠤ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠤᠨ ᠲᠥᠰᠥᠪᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ᠂ ᠡᠷᠬᠡᠪᠰᠢ ᠶᠡᠭᠡ ᠬᠦᠴᠦ ᠣᠷᠣᠭᠤᠯᠵᠤ ᠪᠠᠶᠢᠭᠠᠳ ᠡᠷᠡᠰ ᠵᠠᠯᠠᠷᠠᠭᠤᠯᠬᠤ ᠬᠡᠷᠡᠭᠲᠡᠢ᠃ ᠦᠨᠳᠦᠰᠦᠨ ᠱᠠᠲᠤ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠳ᠋ᠷ︾ ᠪᠣᠯᠣᠨ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠤ ᠬᠦᠯᠢᠶᠡᠰᠦᠯᠡᠭᠳᠡᠵᠦ ᠪᠤᠯᠬᠤ ᠦᠭᠡᠢ᠃ ᠲᠥᠪ ᠤᠨ ᠱᠦᠵᠢ ᠨᠠᠷ ᠤᠨ ᠭᠠᠵᠠᠷ ᠤᠨ ᠬᠢᠨ ᠴᠥᠬᠦᠷᠡᠰᠢ ᠦᠭᠡᠢ ᠠᠳᠬᠤᠵᠤ᠂ ᠲᠥᠪ ᠤᠨ ᠲᠡᠰ ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ ᠵᠥᠪ ᠢ ᠡᠷᠢᠵᠦ᠂ ᠮᠤᠵᠢ ᠠᠴᠠ ᠳᠣᠷᠣᠭᠰᠢᠬᠢ ᠡᠯ᠎ᠡ ᠱᠠᠲᠤᠨ ᠤ ᠨᠠᠮ ᠤᠨ ᠬᠤᠷᠢᠶᠠᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠵᠦ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠨᠤᠷᠰᠢᠭᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠨᠳᠦᠰᠦᠨ ᠱᠠᠲᠤᠨ ᠠᠴᠠ ᠺᠠᠳ᠋ᠷ ᠵᠢᠭᠡᠯᠡᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠠ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠴᠣᠮᠬᠠᠳᠬᠠᠵᠤ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ ᠤ ᠤᠯᠠᠨ ᠲᠦᠮᠡᠨ ᠤ ᠲᠤᠰᠬᠠᠯ ᠶᠡᠬᠡᠲᠡᠢ ᠲᠣᠪᠤᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ ᠭᠡᠷᠡᠭᠲᠡᠢ︔ ᠵᠣᠭᠢᠬᠤ ᠨᠡᠶᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠴᠡᠪᠡᠷᠯᠡᠨ ᠠᠷᠢᠯᠭᠠᠵᠤ᠂ ᠦᠨᠳᠦᠰᠦᠨ ᠱᠠᠲᠤ ᠶᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠦᠯᠢᠶᠡᠰᠦᠯᠡᠯ ᠠᠴᠠ ᠦᠨᠡᠨ ᠬᠦ ᠮᠤᠯᠲᠤᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠡᠩ ᠤᠯᠠᠨ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号