ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ | ᠶᠡᠷᠦᠩᠬᠡᠶ ᠡᠪᠯᠡᠯ ᠬᠠᠮᠲᠤᠷᠠᠨ ︽ᠬᠤᠶᠠᠳᠤᠭᠠᠷ ᠬᠤᠭᠤᠴᠠᠭᠠᠨ ᠤ ︿ᠬᠠᠮᠤᠭ ᠤᠨ ᠭᠤᠶᠣ ᠵᠠᠮ ᠬᠠᠷᠢᠯᠴᠠᠭᠠᠨ ᠤ | ᠠᠵᠢᠯᠲᠠᠨ﹀ ᠤ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ 3 | ᠬᠤᠪᠢ ᠬᠥᠮᠦᠨ ︵ᠬᠠᠮᠲᠤ ᠨᠡᠶᠢᠲᠡ︶ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠣ | ᠵᠠᠮ ᠬᠠᠷᠢᠯᠴᠠᠭᠠᠨ ᠤ ᠠᠵᠢᠯᠲᠠᠨ︾ ᠢᠶᠠᠷ ᠰᠣᠩᠭᠤᠭᠳᠠᠪᠠ᠃ | ᠨᠡᠷᠡᠰ | ᠬᠠᠯᠢᠭᠤᠲᠤ ᠶᠢᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠮᠠᠰᠢᠨᠴᠢᠯᠠᠭᠰᠠᠨ ᠠᠷᠠᠴᠢᠯᠠᠨ ᠬᠠᠮᠠᠭᠠᠯᠠᠬᠤ | ᠠᠩᠭᠢ ᠶᠢᠨ ᠦᠵᠦᠭᠦᠷ ᠭᠤᠤᠯ ᠤᠨ ᠵᠠᠮ ᠤᠨ ᠠᠩᠭᠢ ᠶᠢᠨ ᠳᠠᠷᠤᠭ᠎ᠠ ᠶᠠᠨ ᠪᠤᠤ ᠬᠤᠸᠠ | ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠠᠲ᠋ᠧᠷᠢᠶᠠᠯ | ᠲᠥᠬᠦᠭᠡᠷᠦᠮᠵᠢ ᠶᠢᠨ ᠲᠥᠪ ᠤᠨ ᠳᠡᠳ᠋ ᠡᠷᠬᠢᠯᠡᠭᠴᠢ ᠰᠥᠩ ᠶᠤᠸᠠᠨ ᠪᠢᠶᠤᠤ | ᠰᠢᠯᠢ ᠶᠢᠨ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠤᠰᠤᠨ ᠴᠥᠭᠦᠷᠥᠮ ᠤᠨ ᠵᠠᠮ ᠤᠨ | ᠠᠩᠭᠢ | ᠬᠠᠯᠢᠭᠤᠲᠤ ᠶᠢᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠮᠠᠰᠢᠨᠴᠢᠯᠠᠭᠰᠠᠨ ᠠᠷᠠᠴᠢᠯᠠᠨ ᠬᠠᠮᠠᠭᠠᠯᠠᠬᠤ | ᠠᠩᠭᠢ ᠶᠢᠨ ᠳᠠᠷᠤᠭ᠎ᠠ ᠶᠠᠨ ᠪᠤᠤ ᠬᠤᠸᠠ | | | | | 1981 ᠣᠨ ᠳᠤ᠂ ᠶᠠᠨ ᠪᠤᠤ ᠬᠤᠸᠠ ᠬᠠᠯᠢᠭᠤᠲᠤ ᠶᠢᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ | ᠮᠠᠰᠢᠨᠴᠢᠯᠠᠭᠰᠠᠨ ᠠᠷᠠᠴᠢᠯᠠᠨ ᠬᠠᠮᠠᠭᠠᠯᠠᠬᠤ ᠠᠩᠬᠢ ᠶᠢᠨ ᠨᠢᠭᠡᠨ ᠵᠠᠮ ᠠᠷᠠᠴᠢᠯᠠᠨ ᠬᠠᠮᠠᠭᠠᠯᠠᠬᠤ ᠠᠵᠢᠯᠲᠠᠨ ᠪᠣᠯᠪᠠ᠃ | ᠡᠨᠡ ᠠᠵᠢᠯ ᠢ ᠶᠠᠨ ᠪᠤᠤ ᠬᠤᠸᠠ 40 ᠵᠢᠯ ᠬᠢᠵᠡᠢ᠃ | ︽ᠪᠢ ᠵᠠᠮ ᠠᠷᠠᠴᠢᠯᠠᠨ ᠬᠠᠮᠠᠭᠠᠯᠠᠬᠤ ᠳᠤᠷᠠᠲᠠᠢ᠂ ᠵᠠᠮ ᠢᠶᠠᠷ ᠶᠠᠪᠤᠵᠤ ᠳᠠᠷᠳᠠᠩ ᠵᠠᠮ ᠢ ᠦᠵᠡᠬᠦ ᠳᠤᠷᠠᠲᠠᠢ᠃︾ | ᠡᠳᠦᠷ ᠰᠦᠨᠢ ᠶᠢ ᠢᠯᠭᠠᠯ ᠦᠭᠡᠢ᠂ ᠰᠠᠯᠬᠢ ᠪᠣᠷᠣᠭᠠᠨ᠂ ᠮᠦᠰᠦ ᠴᠠᠰᠤ ᠶᠢ ᠬᠠᠶᠢᠬᠤᠷᠤᠯ ᠦᠭᠡᠢ ᠠᠷᠠᠴᠢᠯᠠᠨ | ᠬᠠᠮᠠᠭᠠᠯᠠᠬᠤ ᠠᠵᠢᠯ ᠤᠨ ᠳᠤᠮᠳᠠ᠂ ᠶᠠᠨ ᠪᠤᠤ ᠬᠤᠸᠠ ᠵᠠᠯᠠᠭᠤ ᠨᠠᠰᠤ ᠪᠣᠯᠤᠨ ᠠᠮᠢ ᠨᠠᠰᠤ ᠪᠠᠷ ᠢᠶᠠᠨ ᠰᠠᠷᠠᠭᠤᠯ | ᠳᠠᠷᠳᠠᠩ ᠵᠠᠮ ᠢ ᠪᠠᠲᠤ ᠴᠣᠭᠴᠠᠯᠠᠵᠤ᠂ ᠵᠤᠷᠪᠤᠰ ᠵᠤᠷᠪᠤᠰ ᠰᠠᠭᠠᠳ ᠦᠭᠡᠢ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ | ᠶᠡᠭᠡ ᠵᠠᠮ ᠪᠣᠯ ᠲᠡᠭᠦᠨ ᠤ ᠲᠤᠰᠢᠶᠠᠭᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢᠨ ᠬᠠᠭᠤᠳᠠᠰᠤ ᠪᠣᠯᠤᠨ᠎ᠠ᠃ | ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠠᠲ᠋ᠧᠷᠢᠶᠠᠯ | ᠲᠥᠬᠦᠭᠡᠷᠦᠮᠵᠢ ᠶᠢᠨ ᠲᠥᠪ ᠤᠨ ᠳᠡᠳ᠋ ᠡᠷᠬᠢᠯᠡᠭᠴᠢ ᠰᠥᠩ ᠶᠤᠸᠠᠨ ᠪᠢᠶᠤᠤ | | | | | ᠰᠦᠩ ᠶᠤᠸᠠᠨ ᠪᠢᠶᠤᠤ᠂ ᠤᠳᠤ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠤᠨ ᠮᠠᠲ᠋ᠧᠷᠢᠶᠠᠯ | ᠲᠥᠬᠦᠭᠡᠷᠦᠮᠵᠢ ᠶᠢᠨ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ 18 ᠵᠢᠯ ᠤᠨ | ᠲᠤᠷᠰᠢ᠂ ᠪᠤᠭᠤᠲᠤ ᠠᠴᠠ ᠮᠣᠤᠮᠢᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ ᠤᠯᠠᠭᠠᠨᠬᠠᠳᠠ ᠠᠴᠠ | ᠲᠦᠩᠯᠢᠶᠣᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ ᠷᠦᠩᠴᠧᠩ ᠠᠴᠠ ᠦᠬᠠᠢ ᠬᠦᠷᠬᠦ ᠳᠡᠭᠡᠳᠦ | ᠬᠤᠷᠳᠤ ᠶᠢᠨ ᠵᠠᠰᠠᠮᠠᠯ ᠵᠠᠮ᠂ 304 ᠤᠯᠤᠰ ᠤᠨ ᠵᠠᠮ ᠢ ᠥᠷᠭᠡᠳᠬᠡᠨ ᠪᠠᠶᠢᠭᠤᠯᠬᠤ᠂ ᠤᠯᠤᠰ ᠤᠨ ᠵᠠᠮ 210 | ᠱᠤᠭᠤᠮ᠂ ᠤᠯᠤᠰ ᠤᠨ ᠵᠠᠮ 302 ᠱᠤᠭᠤᠮ᠂ ᠪᠢᠷᠠᠭᠤ ᠠᠴᠠ ᠤᠯᠠᠭᠠᠨᠴᠠᠪ ᠬᠦᠷᠬᠦ ᠳᠡᠭᠡᠳᠦ ᠬᠤᠷᠳᠤ ᠶᠢᠨ | ᠵᠠᠰᠠᠮᠠᠯ ᠵᠠᠮ᠂ S29 ᠬᠦᠬᠡᠬᠤᠲᠠ ᠠᠴᠠ ᠯᠢᠶᠠᠩ ᠴᠧᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ | ᠲᠥᠷᠥᠯ ᠵᠦᠶᠯ ᠤᠨ ᠪᠠᠷᠢᠯᠭ᠎ᠠ ᠶᠢᠨ ᠠᠵᠢᠯ ᠳᠤ ᠤᠷᠢᠳ ᠬᠤᠵᠢᠳ ᠣᠷᠣᠯᠴᠠᠪᠠ᠃ ᠪᠠᠷᠢᠯᠭ᠎ᠠ ᠶᠢᠨ ᠡᠮᠦᠨ᠎ᠡ ᠹᠷᠣᠨᠲ | ᠤᠨ ᠵᠠᠮ ᠳᠡᠪᠢᠰᠬᠦ᠂ ᠵᠢᠭᠤᠷᠠᠬᠤ ᠠᠵᠢᠯ᠂ ᠮᠠᠰᠢᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠭᠡᠰᠡᠨ ᠦᠭᠡᠢ᠂ | ᠲᠡᠷᠡ ᠬᠠᠯᠠᠭᠤᠨ ᠰᠡᠳᠬᠢᠯᠭᠡ᠂ ᠲᠥᠪ ᠴᠢᠩᠭ᠎ᠠ᠂ ᠬᠤᠪᠢ ᠨᠡᠮᠡᠷᠢ᠂ ᠰᠢᠨ᠎ᠡ ᠡᠭᠦᠳᠦᠯᠲᠡ ᠪᠠᠨ ᠠᠵᠢᠯ ᠤᠨ ᠳᠤᠮᠳᠠ | ᠪᠠᠨ ᠠᠭᠤᠰᠬᠠᠵᠤ᠂ ᠰᠢᠷᠭᠠᠭᠤ ᠴᠢᠷᠮᠠᠶᠢᠯᠭ᠎ᠠ ᠪᠠ ᠰᠢᠷᠭᠠᠭᠤ ᠰᠤᠷᠤᠯᠴᠠᠯᠭ᠎ᠠ ᠪᠠᠷ ᠢᠶᠠᠨ ᠥᠪᠡᠷ ᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠪᠡ᠃ | ᠰᠢᠯᠢ ᠶᠢᠨ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠤᠰᠤᠨ ᠴᠥᠭᠦᠷᠥᠮ ᠤᠨ ᠵᠠᠮ | ᠤᠨ ᠠᠩᠭᠢ | | | | ᠰᠢᠯᠢ ᠶᠢᠨ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠤᠰᠤᠨ ᠴᠥᠭᠦᠷᠥᠮ ᠤᠨ ᠵᠠᠮ ᠤᠨ | ᠠᠩᠭᠢ 1992 ᠣᠨ ᠳᠤ ᠪᠠᠶᠢᠭᠤᠯᠤᠭᠳᠠᠵᠤ᠂ G207 ᠱᠤᠭᠤᠮ ᠤᠨ ᠬᠤᠶᠠᠳᠤᠭᠠᠷ ᠳᠡᠰ ᠤᠨ ᠵᠠᠰᠠᠮᠠᠯ ᠵᠠᠮ ᠤᠨ | K610-K650 ᠪᠥᠬᠦ ᠱᠤᠭᠤᠮ ᠤᠨ 40 ᠺᠢᠯᠣᠮᠧᠲᠷ ᠤᠨ ᠠᠷᠠᠴᠢᠯᠠᠨ ᠬᠠᠮᠠᠭᠠᠯᠠᠬᠤ ᠡᠭᠦᠷᠭᠡ ᠶᠢ ᠡᠭᠦᠷᠭᠡᠯᠡᠵᠦ | ᠪᠣᠶ᠃ | 30 ᠭᠠᠷᠤᠶ ᠵᠢᠯ ᠤᠨ ᠲᠤᠷᠰᠢ᠂ ᠵᠠᠮ ᠵᠠᠰᠠᠬᠤ ᠠᠩᠭᠢ ᠶᠢᠨ ᠦᠶ᠎ᠡ ᠦᠶ᠎ᠡ ᠶᠢᠨ ᠠᠷᠠᠴᠢᠯᠠᠭᠴᠢ ᠠᠵᠢᠯᠴᠢᠨ | ︽ᠬᠤᠶᠠᠷ ᠵᠠᠮ︾ ᠤᠨ ᠵᠣᠷᠢᠭ ᠰᠠᠨᠠᠭ᠎ᠠ ᠶᠢ ᠴᠠᠭ ᠦᠶ᠎ᠡ ᠳᠤ ᠠᠭᠤᠰᠬᠠᠨ᠂ ᠤᠯᠠᠮᠵᠢᠯᠠᠭᠰᠠᠭᠠᠷ ᠢᠷᠡᠵᠡᠶ᠃ ᠤᠷᠢᠳ | ᠬᠤᠵᠢᠳ ᠬᠤᠶᠠᠷ ᠤᠳᠠᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠣᠯᠭᠤᠭᠰᠠᠨ ᠪᠥᠬᠦ ᠤᠯᠤᠰ ᠤᠨ ᠵᠠᠮ | ᠬᠠᠷᠢᠯᠴᠠᠭᠠᠨ ᠤ ᠰᠢᠰᠲ᠋ᠧᠮ ᠤᠨ ︽ᠡᠮᠡᠭᠲᠡᠶᠢᠴᠦᠳ ᠤᠨ ᠭᠠᠪᠢᠶ᠎ᠠ ᠵᠢᠳᠬᠦᠯ︾ ᠭᠡᠬᠦ ᠲᠡᠷᠢᠭᠦᠨ ᠤ ᠬᠠᠮᠲᠤ ᠨᠡᠶᠢᠲᠡ | ᠶᠢᠨ ᠢᠷᠠᠭᠤ ᠠᠯᠳᠠᠷ ᠢ ᠭᠥᠷᠳᠡᠵᠦ᠂ ᠳᠠᠷᠠᠭ᠎ᠠ ᠨᠢ ᠪᠠᠰᠠ ︽ᠪᠥᠬᠦ ᠤᠯᠤᠰ ᠤᠨ ᠵᠠᠮ ᠬᠠᠷᠢᠯᠴᠠᠭᠠᠨ ᠤ ᠰᠢᠰᠲ᠋ᠧᠮ | ᠤᠨ ᠲᠡᠷᠢᠭᠦᠨ ᠤ ᠬᠠᠮᠲᠤ︾᠂ ︽ᠪᠥᠬᠦ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠪᠣᠯᠪᠠᠰᠤᠨ ᠨᠢᠭᠡᠴᠢ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠵᠦ᠂ ︽ᠪᠥᠬᠦ ᠣᠷᠣᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠦᠶᠯᠡᠳᠪᠦᠷᠢᠯᠡᠯ ᠬᠠᠮᠢᠶᠠᠷᠤᠯᠲᠠ ᠶᠢᠨ ᠲᠡᠷᠢᠭᠦᠨ ᠤ ᠵᠠᠮ ᠬᠠᠷᠢᠯᠴᠠᠭᠠᠨ ᠤ ᠠᠩᠭᠢ︾᠂ | ︽ᠪᠥᠬᠦ ᠠᠶᠢᠮᠠᠭ ᠪᠥᠬᠦ ᠣᠷᠣᠨ ᠤ ᠮᠡᠷᠭᠡᠵᠢᠯ ᠤᠨ ᠮᠥᠷᠥᠶᠢᠴᠡᠭᠡᠨ ᠤ ᠨᠢᠭᠡᠳᠦᠭᠡᠷ︾ ᠵᠡᠷᠭᠡ ᠰᠠᠶᠢᠨ ᠬᠢᠷᠢ ᠪᠦᠲᠦᠮᠵᠢ | ᠶᠢ ᠣᠯᠵᠤ᠂ ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭᠠᠨ ᠤ ᠠᠵᠢᠯ ᠲᠥᠷᠥᠯ ᠤᠨ ᠬᠡᠪ ᠳᠠᠭᠤᠷᠢᠶᠠᠯ᠂ | ᠢᠷᠠᠭᠤ ᠠᠯᠳᠠᠷ ᠤᠨ ᠠᠩᠭᠢ ᠳᠤᠭᠤᠶᠢᠯᠠᠩ ᠪᠣᠯᠵᠠᠶ᠃ | |