ᠬᠥᠯᠥᠨ ᠪᠤᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠬᠤᠷᠢᠶᠠᠬᠤ ᠲᠥᠪ ᠤᠨ ᠬᠠᠶᠢᠯᠠᠷ ᠤᠨ ᠰᠦᠢᠳᠭᠡᠯ ᠬᠤᠷᠢᠶᠠᠬᠤ ᠥᠷᠲᠡᠭᠡ ᠶᠢᠨ ᠣᠶᠤᠨᠲᠤ  ᠰᠦᠢᠳᠭᠡᠯ ᠬᠤᠷᠢᠶᠠᠬᠤ ᠮᠠᠰᠢᠨ ᠬᠥᠮᠦᠨ      ︽ᠠᠵᠢᠯ ᠤᠨ ᠪᠠᠶᠢᠷᠢ ᠳᠤ ᠭᠠᠷᠪᠠ︾
ᠨᠡᠶᠢᠲᠡᠯᠡᠭᠰᠡᠨ ᠴᠠᠭ᠄
2024/7/8
    ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ ᠬᠤᠷᠢᠶᠠᠬᠤ ᠲᠥᠪ ᠤᠨ ᠬᠠᠶᠢᠯᠠᠷ ᠤᠨ ᠰᠦᠢᠳᠭᠡᠯ ᠬᠤᠷᠢᠶᠠᠬᠤ ᠥᠷᠲᠡᠭᠡ ᠶᠢᠨ ᠬᠤᠶᠠᠷ ᠢᠵᠢ AI ᠣᠶᠤᠨᠲᠤ ᠰᠦᠢᠳᠭᠡᠯ ᠬᠤᠷᠢᠶᠠᠬᠤ ᠮᠠᠰᠢᠨ ᠬᠥᠮᠦᠨ ᠤ ᠥᠪᠡᠷ ᠢᠶᠠᠨ ᠰᠦᠢᠳᠭᠡᠯ ᠲᠤᠰᠢᠶᠠᠬᠤ ᠰᠢᠰᠲ᠋ᠧᠮ ︵AI ᠣᠶᠤᠨᠲᠤ ᠰᠦᠢᠳᠭᠡᠯ ᠬᠤᠷᠢᠶᠠᠬᠤ ᠮᠠᠰᠢᠨ ᠬᠥᠮᠦᠨ︶ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠴᠤ᠂ ᠨᠠᠭᠠᠰᠢ ᠴᠠᠭᠠᠰᠢ ᠥᠩᠭᠡᠷᠡᠬᠦ ᠲᠡᠷᠭᠡ ᠬᠦᠰᠭᠡ ᠳᠤ ᠰᠢᠨ᠎ᠡ ᠣᠶᠢᠯᠠᠭᠠᠯᠲᠠ ᠬᠠᠩᠭᠠᠬᠤ ᠪᠠᠷ ᠪᠠᠷᠠᠬᠤ ᠦᠭᠡᠢ ᠪᠠᠰᠠ ᠪᠦᠬᠦ ᠬᠤᠲᠠ ᠶᠢᠨ ︽ᠣᠶᠤᠨᠴᠢ ᠵᠠᠮ ᠬᠠᠷᠢᠯᠴᠠᠭ᠎ᠠ︾᠎ ᠶᠢᠨ ᠪᠦᠲᠦᠭᠡᠨ ᠪᠠᠢᠭᠤᠯᠤᠯᠲᠠ ᠳᠤ ᠬᠦᠴᠦᠨ ᠨᠡᠮᠡᠷᠢᠯᠡᠵᠦ᠂ ᠨᠡᠶᠢᠭᠡᠮ ᠨᠡᠶᠢᠲᠡ ᠳᠤ ᠣᠶᠤᠨᠴᠢ᠂ ᠥᠨᠳᠥᠷ ᠪᠦᠲᠦᠮᠵᠢᠲᠡᠢ᠂ ᠪᠣᠬᠢᠷᠲᠤᠯ ᠦᠭᠡᠢ ᠲᠡᠷᠭᠡ ᠵᠢᠯᠣᠭᠤᠳᠤᠨ ᠶᠠᠪᠤᠵᠤ ᠰᠠᠭᠤᠬᠤ ᠦᠢᠯᠡᠴᠢᠯᠡᠭᠡ ᠶᠢ ᠪᠡᠶᠡᠴᠢᠯᠡᠨ ᠣᠶᠢᠯᠠᠭᠠᠭᠤᠯᠬᠤ ᠪᠣᠯᠤᠨ᠎ᠠ᠃ 
W020240705423516856364.jpg
    ᠬᠠᠶᠢᠯᠠᠷ ᠤᠨ ᠰᠦᠢᠳᠬᠡᠯ ᠬᠤᠷᠢᠶᠠᠬᠤ ᠦᠷᠳᠡᠭᠡ ᠨᠢ ᠡᠭᠦᠨ ᠢᠶᠠᠷ ᠠᠵᠠ ᠲᠣᠬᠢᠶᠠᠯ ᠪᠣᠯᠭᠠᠵᠤ᠂ ᠴᠢᠨᠠᠷ ᠰᠠᠶᠢᠲᠠᠢ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠷ ᠦᠢᠯᠡᠴᠢᠯᠡᠭᠡᠨ ᠤ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠬᠤᠳᠠ ᠶᠢᠨ ᠨᠡᠷ᠎ᠡ ᠶᠢᠨ ᠬᠠᠭᠤᠳᠠᠰᠤ ᠶᠢ ᠭᠡᠷᠡᠯᠳᠦᠬᠦᠯᠵᠦ᠂ ᠲᠦᠷᠦᠯ ᠲᠡᠮᠳᠡᠭ ᠤᠨ ᠲᠦᠷᠢ ᠲᠥᠷᠬᠦ ᠶᠢ ᠪᠤᠢ ᠪᠣᠯᠭᠠᠵᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃ ︵ᠸᠠᠩ ᠧᠨ ᠴᠤᠤ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号