︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ  ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/8
     ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ ᠪᠠ ᠶᠠᠪᠤᠴᠠ      ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ︾ ᠭᠡᠵᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠣᠯᠠᠨ ᠤᠳᠠᠭ᠎ᠠ ︽ᠵᠠᠬ᠎ᠠ ᠳᠡᠯᠭᠡᠭᠦᠷ ᠤᠨ ᠭᠤᠤᠯ ᠴᠣᠭᠴᠠ ᠶᠢ ᠶᠡᠭᠡ ᠪᠠᠷ ᠪᠣᠶᠢᠵᠢᠭᠤᠯᠵᠤ᠂ ᠪᠥᠬᠦ ᠣᠷᠣᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠦᠶᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ︾ ᠭᠡᠰᠡᠨ ᠴᠣᠬᠤᠯᠠᠪᠤᠷᠢ ᠱᠠᠭᠠᠷᠳᠠᠯᠭ᠎ᠠ ᠦᠭᠴᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠪᠣᠯᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠴᠠ ︽ᠪᠦᠬᠦ ᠨᠡᠶᠢᠭᠡᠮ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠷ ᠪᠠᠭᠤᠷᠠᠭᠤᠯᠤᠨ᠎ᠠ︾ ᠭᠡᠵᠦ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠠ 2024 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠰ ᠭᠠᠵᠠᠷ ᠣᠷᠣᠨ ᠤ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠲᠠᠰ ᠳᠡᠪᠰᠢᠭᠦᠯᠬᠦ ᠪᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠳᠡᠮᠵᠢᠬᠦ ᠶᠢ ᠱᠠᠭᠠᠷᠳᠠᠪᠠ᠃ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠭᠤᠤᠯᠳᠠᠯᠭ᠎ᠠ ᠲᠠᠢ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠢᠷᠡᠯᠲᠡ ᠶᠢᠨ ᠨᠢᠭᠡᠴᠢ᠂ ᠲᠡᠭᠡᠭᠡᠪᠦᠷᠢ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠰᠢᠰᠲ᠋ᠧᠮ ᠲᠠᠢ ᠰᠤᠳᠤᠯᠤᠨ ᠨᠤᠲᠠᠯᠠᠭᠰᠠᠨ ᠤ ᠳᠠᠷᠠᠭ᠎ᠠ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠴᠢᠨᠠᠷᠲᠠᠶ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠵᠤ᠂ ᠪᠥᠬᠦ ᠨᠡᠶᠢᠭᠡᠮ  ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠠᠵᠢᠯ ᠤᠨ ᠰᠡᠳᠬᠢᠮᠵᠢ ᠶᠢ ᠠᠬᠢᠭᠤᠯᠤᠭᠰᠠᠨ ᠰᠠᠭᠤᠷᠢᠨ ᠳᠡᠭᠡᠷ᠎ᠡ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ︾ ︵ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶ ᠢ ᠲᠤᠭᠤᠷᠪᠢᠨ ᠪᠢᠴᠢᠪᠡ᠃       ᠬᠤᠶᠠᠷ᠂ ᠭᠤᠣᠯ ᠬᠠᠷᠠᠯᠲᠠ      2026 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ  ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ ᠳᠤ ᠬᠦᠷᠦᠭᠦᠯᠵᠦ᠂ ᠨᠢᠭᠡᠴᠢ ᠪᠠᠷᠠᠭᠠᠨ  ᠤ ᠡᠷᠭᠢᠯᠲᠡ ᠶᠢᠨ ᠬᠡᠮᠵᠢᠶ᠎ᠡ ᠶᠢᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ 6% ᠪᠠᠷ ᠪᠠᠭᠤᠷᠠᠭᠤᠯᠤᠨ᠎ᠠ᠃       ᠭᠤᠷᠪᠠ᠂ ᠭᠤᠣᠯ ᠠᠭᠤᠯᠭ᠎ᠠ      ︽ᠠᠵᠢᠯᠯᠠᠭᠠᠨ ᠤ ᠲᠥᠰᠦᠯ︾ ᠨᠢ ᠨᠡᠶᠢᠲᠡ ᠳᠥᠷᠪᠡᠨ ᠬᠡᠰᠡᠭ ᠪᠣᠶ᠃      ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ᠃ ᠶᠡᠷᠦᠩᠬᠡᠶ ᠱᠠᠭᠠᠷᠳᠠᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠬᠡᠪᠴᠢᠶᠡᠵᠢᠭᠰᠡᠨ᠂ ᠡᠷᠴᠢᠮᠵᠢᠭᠰᠡᠨ᠂ ᠲᠣᠭᠠᠴᠢᠯᠠᠭᠰᠠᠨ᠂ ᠪᠣᠬᠢᠷᠲᠤᠯ ᠥᠬᠡᠶ᠂ ᠰᠦᠯᠵᠢᠶᠡᠵᠢᠭᠰᠡᠨ ᠬᠥᠭᠵᠢᠯᠲᠡ ᠶᠢ ᠪᠠᠷᠢᠮᠲᠠᠯᠠᠵᠤ᠂ ᠪᠠᠷᠠᠭᠠᠨ ᠤ ᠢᠷᠡᠯᠲᠡ ᠶᠢ ᠡᠷᠢᠬᠦ᠂ ᠲᠤᠭ᠎ᠠ ᠪᠠᠷᠢᠮᠲᠠ ᠬᠠᠩᠭᠠᠬᠤ᠂ ᠲᠠᠯᠠᠪᠠᠶ ᠪᠠᠶᠢᠭᠤᠯᠬᠤ᠂ ᠢᠵᠢ ᠪᠦᠷᠢᠳᠦᠭᠦᠯᠬᠦ᠂ ᠰᠢᠯᠢᠳᠡᠭ ᠦᠶᠯᠡᠴᠢᠯᠡᠭᠡ᠂ ᠲᠥᠷᠥ ᠶᠢᠨ ᠪᠣᠳᠤᠯᠭ᠎ᠠ ᠬᠠᠩᠭᠠᠬᠤ ᠪᠠᠷ ᠳᠠᠮᠵᠢᠭᠤᠯᠤᠨ᠂ ᠡᠵᠡᠩᠨᠡᠯᠲᠡ ᠶᠢᠨ ᠥᠪᠡᠷ ᠤᠨ ᠥᠷᠲᠡᠭ ᠳᠣᠤᠷ᠎ᠠ᠂ ᠦᠷ᠎ᠡ ᠪᠦᠲᠦᠮᠵᠢ ᠥᠨᠳᠥᠷ᠂ ᠦᠶᠯᠡᠴᠢᠯᠡᠭᠡ ᠴᠢᠩᠭ᠎ᠠ᠂ ᠶᠠᠰᠤ ᠴᠢᠨᠠᠷ ᠰᠠᠶᠢᠨ᠂ ᠲᠡᠷᠢᠭᠦᠨ ᠤ ᠮᠡᠷᠭᠡᠵᠢᠯ ᠤᠨ ᠵᠠᠭᠪᠤᠷ ᠵᠡᠷᠭᠡ ᠭᠤᠤᠯᠯᠠᠬᠤ ᠥᠷᠢᠰᠥᠯᠳᠦᠬᠦ ᠬᠦᠴᠦᠨ ᠪᠠ ᠨᠠᠷᠠᠲᠤ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭ ᠲᠠᠢ ᠨᠢᠭᠡ ᠪᠦᠯᠦᠭ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠴᠢᠨᠠᠷᠲᠠᠶ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠵᠤ᠂ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠶᠢ ᠠᠬᠢᠭᠤᠯᠤᠨ᠎ᠠ᠃      ᠬᠤᠶᠠᠳᠤᠭᠠᠷ ᠬᠡᠰᠡᠭ ᠨᠢ ᠪᠣᠶᠢᠵᠢᠭᠤᠯᠬᠤ ᠠᠷᠭ᠎ᠠ ᠵᠠᠮ᠃ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠪᠣᠳᠠᠲᠠᠶ ᠠᠭᠤᠯᠤᠭᠳᠠᠬᠤᠨ ᠨᠢ᠄ ᠵᠣᠬᠢᠬᠤ ᠬᠡᠪᠴᠢᠶ᠎ᠡ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠳᠤ ᠬᠦᠷᠴᠦ᠂ ᠨᠡᠯᠢᠶᠡᠳ ᠴᠢᠩᠭ᠎ᠠ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ᠂ ᠠᠵᠢᠯ ᠲᠥᠷᠥᠯ ᠤᠨ ᠨᠥᠯᠥᠭᠡᠯᠡᠬᠦ ᠬᠦᠴᠦᠨ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠ ᠬᠥᠭᠵᠢᠯᠲᠡ ᠶᠢᠨ ᠳᠠᠯᠳᠠ ᠬᠦᠴᠦᠨ ᠢ ᠪᠦᠷᠢᠯᠳᠦᠭᠦᠯᠵᠦ᠂ ᠲᠣᠭᠠᠴᠢᠯᠠᠭᠰᠠᠨ᠂ ᠪᠣᠬᠢᠷᠲᠤᠯ ᠥᠬᠡᠶ ᠬᠢᠷᠢ ᠲᠦᠪᠰᠢᠨ᠂ ᠦᠶᠯᠡᠴᠢᠯᠡᠭᠡᠨ ᠤ ᠶᠠᠰᠤ ᠴᠢᠨᠠᠷ ᠨᠢ ᠠᠵᠢᠯ ᠲᠥᠷᠥᠯ ᠤᠨ ᠲᠡᠷᠢᠭᠦᠨ ᠤ ᠪᠠᠶᠢᠷᠢᠨ ᠳᠤ ᠪᠠᠶᠢᠭ᠎ᠠ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠪᠣᠯᠤᠨ᠎ᠠ᠂ ᠡᠭᠦᠨ ᠳᠤ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠦᠳᠠᠨ ᠤ ᠲᠦᠷᠭᠡᠨ ᠬᠦᠷᠭᠡᠯᠲᠡ ᠵᠡᠷᠭᠡ ᠲᠤᠰᠬᠠᠶ ᠬᠦᠷᠢᠶ᠎ᠡ ᠴᠠᠷᠠᠭ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ᠂ ᠣᠯᠠᠨ ᠵᠦᠢᠯ ᠤᠨ ᠲᠡᠭᠡᠭᠡᠪᠦᠷᠢᠯᠡᠬᠦ ᠬᠡᠯᠪᠡᠷᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠠᠯᠤᠰᠯᠠᠭᠰᠠᠨ ᠡᠵᠡᠩᠨᠡᠭᠴᠢ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠬᠡᠯᠬᠢᠶ᠎ᠡ ᠶᠢᠨ ᠠᠭᠤᠰᠤᠯᠴᠠᠭᠰᠠᠨ ᠠᠵᠤ ᠠᠬᠤᠶᠢᠯᠠᠯ ᠵᠡᠷᠭᠡ ᠶᠢ ᠪᠠᠭᠲᠠᠭᠠᠨ᠎ᠠ᠃ ᠳᠥᠷᠪᠡᠨ ᠵᠦᠶᠯ ᠤᠨ ᠪᠣᠶᠢᠵᠢᠭᠤᠯᠬᠤ ᠠᠷᠭ᠎ᠠ ᠵᠠᠮ ᠢ ᠳᠤᠷᠠᠳᠴᠤ᠂ ᠲᠣᠰ ᠲᠣᠰ ᠨᠢᠭᠡᠨᠲᠡ ᠪᠠᠶᠢᠭ᠎ᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠬᠡᠯᠬᠢᠶ᠎ᠡ ᠶᠢ ᠠᠭᠤᠰᠤᠯᠴᠠᠭᠤᠯᠤᠭᠰᠠᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠶᠡᠬᠡᠪᠡᠷ ᠬᠥᠭᠵᠢᠭᠦᠯᠬᠦ ᠪᠣᠯᠣᠨ᠎ᠠ᠃      ᠭᠤᠷᠪᠠᠳᠤᠭᠠᠷ ᠬᠡᠰᠡᠭ ᠨᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠡᠭᠦᠨ ᠳᠤ ᠲᠠᠪᠤᠨ ᠲᠠᠯ᠎ᠠ ᠶᠢᠨ 30 ᠵᠦᠶᠯ ᠤᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠭᠲᠠᠨ᠎ᠠ᠃ ᠨᠢᠭᠡ ᠳᠤ᠂ ᠳᠠᠭᠠᠭᠤᠯᠤᠭᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠪᠠᠷᠢᠮᠵᠢᠶ᠎ᠠ ᠪᠠ ᠦᠨᠡᠯᠡᠬᠦ ᠲᠣᠭᠲᠠᠴᠠ ᠶᠢ ᠪᠦᠷᠢᠨᠰᠢᠬᠦᠯᠬᠦ ᠶᠢ ᠠᠬᠢᠭᠤᠯᠵᠤ᠂ ᠦᠶᠯᠡᠴᠢᠯᠡᠭᠡᠨ ᠤ ᠰᠦᠶᠳᠬᠡᠯ ᠬᠤᠷᠢᠶᠠᠬᠤ ᠪᠠᠷᠢᠮᠵᠢᠶ᠎ᠠ ᠶᠢ ᠳᠣᠭᠢᠷᠠᠭᠤᠯᠤᠨ᠂ ᠲᠤᠭ᠎ᠠ ᠪᠠᠷᠢᠮᠲᠠ ᠶᠢ ᠴᠢᠯᠥᠭᠡᠲᠡᠶ ᠪᠣᠯᠭᠠᠬᠤ ᠪᠠ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠶᠢ ᠴᠡᠭᠴᠡᠯᠡᠨ ᠵᠠᠰᠠᠨ᠎ᠠ᠃ ᠬᠤᠶᠠᠷ ᠲᠤ᠂ ᠳᠠᠭᠠᠭᠤᠯᠤᠭᠴᠢ ᠠᠵᠤ ᠠᠬᠤᠶᠢᠯᠠᠯ  ᠤᠨ ᠪᠠᠷᠠᠭᠠᠨ ᠤ ᠢᠷᠡᠯᠲᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠵᠤ ᠠᠬᠤᠶᠢᠯᠠᠯ ᠲᠡᠭᠡᠭᠡᠪᠦᠷᠢ ᠶᠢᠨ ︽ᠬᠤᠶᠠᠷ ᠲᠠᠯ᠎ᠠ ᠠᠴᠠ ᠡᠷᠢᠬᠦ︾ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠬᠤ᠂ ᠤᠷᠳᠤ ᠬᠤᠭᠤᠴᠠᠭᠠᠨ ᠤ ᠬᠠᠮᠵᠢᠯᠴᠠᠭ᠎ᠠ ᠶᠢᠨ ᠵᠥᠪᠯᠡᠯᠴᠡᠭᠡᠷ ᠲᠣᠭᠲᠠᠬᠤ᠂ ᠬᠠᠩᠭᠠᠯᠭ᠎ᠠ ᠶᠢᠨ ᠬᠡᠯᠬᠢᠶ᠎ᠡ ᠶᠢ ᠠᠭᠤᠰᠤᠯᠴᠠᠭᠤᠯᠤᠨ ᠬᠥᠭᠵᠢᠭᠦᠯᠬᠦ᠂ ᠪᠠᠷᠠᠭᠠᠨ ᠤ ᠭᠦᠢᠯᠭᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠭᠠᠭᠤᠯᠤᠭᠴᠢ ᠠᠵᠤ ᠠᠬᠤᠶᠢᠯᠠᠯ ᠤᠨ ᠪᠠᠷᠠᠭᠠᠨ ᠤ ᠢᠷᠡᠯᠳᠡ ᠪᠠᠨ ᠡᠷᠢᠬᠦ ᠳᠤ ᠲᠦᠬᠦᠮ ᠦᠵᠡᠭᠦᠯᠬᠦ ᠬᠡᠷᠡᠭᠲᠡᠢ᠃ ᠭᠤᠷᠪᠠ ᠳᠤ᠂ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠵᠠᠰᠠᠮᠠᠯ ᠵᠠᠮ᠂ ᠲᠡᠮᠦᠷ ᠵᠠᠮ ᠤᠨ ᠰᠠᠭᠤᠷᠢ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠵᠦ ᠴᠠᠬᠢᠯᠭᠠᠨ ᠰᠣᠯᠢᠬᠤ ᠲᠦᠭᠦᠭᠡᠷᠤᠮᠵᠢ ᠪᠠᠶᠢᠭᠤᠯᠬᠤ᠂ ᠲᠡᠭᠡᠭᠡᠪᠦᠷᠢ ᠶᠢᠨ ᠰᠢᠨ᠎ᠡ ᠵᠠᠭᠪᠤᠷ ᠢ ᠬᠦᠭᠵᠢᠭᠦᠯᠬᠦ ᠶᠢ ᠳᠡᠮᠵᠢᠨ᠎ᠡ᠃ ᠳᠥᠷᠪᠡ ᠳᠤ᠂ ᠳᠠᠭᠠᠭᠤᠯᠤᠭᠴᠢ ᠠᠵᠤ ᠠᠬᠤᠶᠢᠯᠠᠯ ᠳᠤ ᠦᠶᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠳᠠᠭᠠᠭᠤᠯᠤᠭᠴᠢ ᠠᠵᠤ ᠠᠬᠤᠶᠢᠯᠠᠯ ᠳᠤ ᠨᠡᠪᠲᠡᠷᠡᠬᠦ᠂ ᠭᠠᠶᠢᠯᠢ ᠭᠦᠶᠴᠡᠳᠬᠡᠬᠦ᠂ ᠭᠠᠵᠠᠷ ᠰᠢᠷᠣᠶ ᠵᠡᠷᠭᠡ ᠲᠠᠯ᠎ᠠ ᠪᠠᠷ ᠲᠥᠬᠦᠮ ᠦᠵᠡᠭᠦᠯᠬᠦ ᠶᠢᠨ ᠬᠠᠮᠲᠤ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠬᠠᠷᠭᠤᠭᠤᠯᠵᠤ ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠲᠠᠪᠤ ᠳᠤ᠂ ᠳᠠᠭᠠᠭᠤᠯᠤᠭᠴᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃ ᠣᠳᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠳᠤᠮᠳᠠ ᠳᠤᠪᠤᠶᠢᠮ᠎ᠠ ᠢᠯᠡᠷᠡᠯ  ᠲᠠᠢ ᠠᠶᠢᠮᠠᠭ ᠬᠤᠲᠠ᠂ ᠠᠵᠤ ᠠᠬᠤᠶᠢᠯᠠᠯ ᠳᠤ ᠲᠤᠰ ᠲᠤᠰ ᠵᠣᠬᠢᠬᠤ ᠱᠠᠩᠨᠠᠯ ᠣᠯᠭᠤᠬᠤ ᠶᠢᠨ ᠬᠠᠮᠲᠤ ᠳᠠᠭᠠᠭᠤᠯᠤᠭᠴᠢ ᠠᠵᠤ ᠠᠬᠤᠶᠢᠯᠠᠯ ᠤᠨ ᠡᠳ᠋ ᠤᠨ ᠵᠠᠰᠠᠭ ᠭᠠᠶᠢᠯᠢ ᠪᠠ ᠮᠥᠩᠭᠦᠨ ᠭᠦᠶᠯᠭᠡᠭᠡᠨ ᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠭᠤᠨ᠎ᠠ᠃      ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠬᠤᠶᠠᠷ ᠲᠠᠯ᠎ᠠ ᠠᠴᠠ ᠲᠤᠰ ᠲᠤᠰ ᠪᠣᠳᠠᠲᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号