︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠦᠨᠡᠯᠡᠯᠲᠡ ᠶᠢᠨ ᠭᠦᠶᠴᠡᠳᠬᠡᠯ ᠲᠤᠭ᠎ᠠ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/7/9
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠯᠡᠯᠲᠡ ᠶᠢᠨ ᠭᠦᠶᠴᠡᠳᠬᠡᠯ ᠲᠤᠭ᠎ᠠ︾     ︵ᠳᠣᠷᠣᠭᠰᠢ ︽ᠦᠨᠡᠯᠡᠯᠲᠡ ᠶᠢᠨ ᠭᠦᠶᠴᠡᠳᠬᠡᠯ ᠲᠤᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃     ︽ᠦᠨᠡᠯᠡᠯᠲᠡ ᠶᠢᠨ ᠭᠦᠶᠴᠡᠳᠬᠡᠯ ᠲᠤᠭ᠎ᠠ︾ ᠨᠢ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠦᠶᠯᠡᠴᠢᠯᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠴᠢᠩᠭᠠᠳᠬᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠢᠯ ᠲᠥᠷᠥᠯ ᠤᠨ ᠦᠷᠭᠦᠯᠵᠢᠯᠡᠬᠦ ᠬᠥᠭᠵᠢᠯᠲᠡ ᠳᠤ ᠠᠩᠬᠠᠷᠤᠯ ᠢᠶᠠᠨ ᠲᠦᠪᠯᠡᠷᠡᠭᠦᠯᠵᠦ᠂ ︽7 + 16 + 32︾ ᠭᠤᠷᠪᠠᠨ ᠳᠡᠰ ᠤᠨ ᠪᠣᠷᠣ ᠲᠥᠯᠥᠪ ᠢ ᠪᠠᠶᠢᠭᠤᠯᠵᠤ᠂ ᠲᠠᠷᠤᠢ ︽ᠠᠮᠤᠷ ᠲᠦᠪᠰᠢᠨ᠂ ᠳᠥᠭᠦᠮ ᠳᠥᠲᠡ᠂ ᠪᠦᠲᠦᠮᠵᠢ ᠰᠠᠶᠢᠲᠠᠶ᠂ ᠪᠤᠬᠢᠷᠲᠤᠯ ᠦᠭᠡᠢ᠂ ᠠᠷᠪᠢᠲᠠᠶ᠂ ᠪᠠᠭᠲᠠᠭᠠᠮᠵᠢᠲᠠᠢ᠂ ᠤᠶᠠᠨ ᠬᠠᠳᠠᠨ ᠴᠢᠨᠠᠷᠲᠠᠢ︾ ᠭᠡᠬᠦ 7 ᠶᠡᠭᠡ ᠦᠨᠳᠦᠰᠦᠨ ᠣᠨᠴᠠᠯᠢᠭ ᠤᠨ ᠲᠤᠭᠤᠷᠢᠨ ᠳᠤ᠂ ᠮᠥᠨ ᠴᠢᠨᠠᠷ ᠤᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠪᠦᠷᠬᠦᠴᠡ ᠥᠷᠭᠡᠨ ᠳᠡᠯᠭᠡᠷ᠂ ᠳᠦᠳᠡ ᠰᠢᠯᠤᠭᠤᠨ ᠵᠡᠷᠭᠡ 16 ᠦᠨᠡᠯᠡᠯᠲᠡ ᠶᠢᠨ ᠬᠡᠮᠵᠢᠯ ᠠᠴᠠ᠂ ︽ᠬᠥᠲᠥᠯᠥᠨ ᠳᠠᠭᠠᠭᠤᠯᠬᠤ ᠴᠢᠨᠠᠷᠲᠠᠢ᠂ ᠲᠥᠯᠥᠭᠡᠯᠡᠬᠦ ᠴᠢᠨᠠᠷᠲᠠᠢ᠂ ᠠᠳᠠᠯᠢᠳᠬᠠᠵᠤ ᠪᠣᠯᠬᠤ ᠴᠢᠨᠠᠷᠲᠠᠢ᠂ ᠤᠯᠬᠤ ᠴᠢᠨᠠᠷᠲᠠᠢ᠂ ᠬᠤᠭᠤᠴᠠᠭᠠᠲᠤ ᠴᠢᠨᠠᠷᠲᠠᠢ︾ ᠵᠠᠷᠴᠢᠮ ᠢ ᠦᠨᠳᠦᠰᠦᠯᠡᠵᠦ᠂ 32 ᠵᠦᠶᠯ ᠤᠨ ᠦᠨᠡᠯᠡᠯᠲᠡ ᠶᠢᠨ ᠭᠦᠶᠴᠡᠳᠬᠡᠯ ᠲᠤᠭ᠎ᠠ  ᠶᠢ ᠲᠣᠬᠢᠷᠠᠭᠤᠯᠵᠠᠢ᠂ ᠡᠭᠦᠨ ᠳᠤ ᠮᠤᠵᠢ ᠶᠢᠨ ᠬᠡᠪᠴᠢᠶᠡᠨ ᠤ ᠨᠡᠶᠢᠲᠡᠴᠢ ᠴᠢᠨᠠᠷᠲᠠᠶ ᠭᠦᠶᠴᠡᠳᠬᠡᠯ ᠲᠤᠭ᠎ᠠ 8 ᠵᠦᠶᠯ᠂ ᠥᠪᠡᠷᠮᠢᠴᠡ ᠴᠢᠨᠠᠷ ᠤᠨ ᠭᠦᠶᠴᠡᠳᠬᠡᠯ ᠲᠤᠭ᠎ᠠ 24 ᠵᠦᠢᠯ ᠪᠣᠢ᠃      ︽ᠦᠨᠡᠯᠡᠯᠲᠡ ᠶᠢᠨ ᠭᠦᠶᠴᠡᠳᠬᠡᠯ ᠲᠤᠭ᠎ᠠ︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠥᠰᠦᠭᠡᠯᠡᠨ ᠪᠤᠳᠤᠵᠤ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠤᠭ᠎ᠠ ᠪᠠᠷᠢᠮᠲᠠ ᠴᠤᠭᠯᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠣᠨ ᠤ ᠦᠨᠡᠯᠡᠯᠲᠡ ᠶᠢ ᠥᠷᠨᠢᠭᠦᠯᠦᠨ᠂ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠵᠤ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠷᠭᠠᠴᠠᠭᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠂ ︽ᠬᠡᠮᠵᠢᠭᠦᠷ︾ ᠪᠠ        ︽ᠵᠢᠯᠣᠭᠤᠳᠬᠤ ᠳᠣᠬᠢᠭᠤᠷ︾ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠡᠯ᠎ᠡ ᠠᠶᠢᠮᠠᠭ ᠬᠤᠲᠠ᠂ ᠡᠯ᠎ᠡ ᠠᠵᠢᠯ ᠲᠥᠷᠥᠯ ᠢ ᠬᠥᠲᠥᠯᠦᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号