ᠬᠤᠶᠠᠷ ᠰᠠᠯᠠᠭ᠎ᠠ ᠮᠥᠴᠢᠷ ᠬᠠᠮᠲᠤᠷᠠᠨ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/7/9
    7 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ ︽ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢ ᠬᠠᠮᠵᠢᠯᠴᠠᠨ ᠬᠢᠨᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠬᠢᠭᠡᠳ ᠰᠢᠯᠭᠠᠯᠲᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠮᠠᠨ ᠤ ᠣᠷᠣᠨ ᠤ ᠵᠢᠯᠣᠭᠤᠴᠢ ᠪᠣᠯᠪᠠᠰᠤᠷᠠᠭᠤᠯᠬᠤ ᠠᠵᠢᠯ ᠲᠥᠷᠥᠯ ᠤᠨ ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃     ︽ᠮᠡᠳᠡᠭᠳᠡᠯ︾ ᠳᠤ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠬᠤ ᠪᠠ ᠰᠢᠯᠭᠠᠯᠲᠠ ᠶᠢ ᠵᠣᠯᠭᠠᠯᠳᠤᠭᠤᠯᠬᠤ ᠲᠦᠷᠢᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠵᠦ᠂ ᠬᠠᠮᠲᠤᠷᠠᠨ ᠬᠠᠤᠯᠢ ᠬᠡᠷᠡᠭᠵᠢᠭᠦᠯᠦᠨ᠎ᠡ᠃ ᠬᠤᠶᠠᠷ ᠰᠠᠯᠠᠭ᠎ᠠ ᠮᠥᠴᠢᠷ ᠨᠢ ᠵᠢᠯᠣᠭᠤᠴᠢ ᠪᠣᠯᠪᠠᠰᠤᠷᠠᠭᠤᠯᠬᠤ ᠬᠠᠮᠢᠶᠠᠷᠤᠯᠲᠠ ᠶᠢᠨ ᠲᠠᠪᠴᠠᠩ ᠳᠤ ᠭᠦᠶᠴᠡᠳ ᠲᠦᠰᠢᠭᠯᠡᠨ ᠲᠤᠭ᠎ᠠ ᠪᠠᠷᠢᠮᠲᠠ ᠰᠣᠯᠢᠯᠴᠠᠬᠤ ᠠᠵᠢᠯ  ᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠪᠦᠷᠢᠳᠬᠡᠨ ᠳᠠᠩᠰᠠᠯᠠᠬᠤ᠂ ᠨᠡᠷ᠎ᠡ ᠮᠡᠳᠡᠭᠦᠯᠬᠦ᠂ ᠪᠣᠯᠪᠠᠰᠤᠷᠠᠭᠤᠯᠬᠤ᠂ ᠪᠣᠯᠵᠣᠨ ᠰᠢᠯᠭᠠᠬᠤ᠂ ᠰᠢᠯᠭᠠᠬᠤ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠮᠡᠳᠡᠭᠡᠯᠡᠬᠦ ᠬᠡᠷᠡᠭᠲᠡᠶ ᠭᠡᠵᠦ ᠲᠣᠳᠣᠷᠬᠠᠶᠢᠯᠠᠪᠠ᠃     ᠵᠠᠯᠭᠠᠭᠠᠳ᠂ ᠬᠤᠶᠠᠷ ᠰᠠᠯᠠᠭ᠎ᠠ ᠮᠥᠴᠢᠷ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠤᠨ ᠢᠲᠡᠭᠡᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ᠂ 12328᠂ 12345 ᠬᠠᠯᠠᠮᠰᠢᠯ ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠦᠶᠯᠡᠴᠢᠯᠡᠭᠡᠨ ᠤ ᠶᠠᠰᠤ ᠴᠢᠨᠠᠷ ᠢᠶᠠᠷ ᠠᠨᠠᠶ᠂ ᠵᠠᠷᠭᠤ ᠳᠤ ᠬᠤᠯᠪᠣᠭᠳᠠᠭᠰᠠᠨ ᠵᠢᠭᠤᠷᠠᠯᠳᠤᠭᠠᠨ ᠣᠯᠠᠨ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ ᠬᠡᠪ ᠤᠨ ᠪᠤᠰᠤ ᠪᠠᠶᠢᠭ᠎ᠠ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢ ᠬᠠᠨᠳᠤᠯᠭᠠᠲᠤ ᠴᠢᠨᠠᠷᠲᠠᠶ ᠪᠠᠷ ᠬᠠᠮᠲᠤᠷᠠᠨ ᠪᠠᠶᠢᠴᠠᠭᠠᠬᠤ ᠪᠠ ᠪᠣᠯᠵᠣᠨ ᠶᠠᠷᠢᠯᠴᠠᠵᠤ᠂ ᠪᠠᠶᠢᠳᠠᠯ ᠨᠢ ᠬᠦᠨᠳᠦ ᠨᠣᠴᠢᠲᠠᠶ ᠪᠣᠯ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ︔ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠪᠠ ᠰᠤᠷᠭᠠᠭᠴᠢ ᠳᠤ ᠬᠡᠪᠴᠢᠶᠡᠨ ᠠᠴᠠ ᠬᠡᠲᠦᠷᠡᠭᠦᠯᠦᠨ ᠡᠵᠡᠩᠨᠡᠬᠦ᠂ ᠬᠤᠳᠠᠯ ᠬᠠᠭᠤᠷᠮᠠᠭ ᠢᠶᠠᠷ ᠤᠬᠠᠭᠤᠯᠬᠤ᠂ ᠪᠣᠯᠪᠠᠰᠤᠷᠠᠭᠤᠯᠬᠤ ᠭᠡᠷ᠎ᠡ ᠳᠤ ᠡᠵᠡᠷᠬᠡᠭ ᠵᠦᠶᠯ ᠵᠤᠷᠪᠤᠰ ᠭᠠᠷᠭᠠᠬᠤ ᠵᠡᠷᠭᠡ ᠲᠣᠭᠲᠠᠭᠠᠯ ᠠᠴᠠ ᠵᠥᠷᠢᠴᠡᠨ ᠡᠵᠡᠩᠨᠡᠬᠦ ᠪᠠ ᠵᠢᠭᠠᠨ ᠰᠤᠷᠭᠠᠬᠤ ᠦᠶᠯᠡ ᠠᠵᠢᠯᠯᠠᠭ᠎ᠠ ᠣᠷᠣᠰᠢᠵᠤ ᠪᠠᠶᠢᠪᠠᠯ ᠴᠠᠭ ᠲᠤᠬᠠᠶ ᠳᠤ ᠨᠢ ᠪᠠᠶᠢᠴᠠᠭᠠᠨ ᠰᠢᠶᠳᠪᠦᠷᠢᠯᠡᠨ᠎ᠡ︔ ᠰᠢᠯᠭᠠᠯᠲᠠ ᠥᠩᠭᠡᠷᠡᠬᠦ ᠶᠢ ᠪᠠᠲᠤᠯᠠᠬᠤ ᠪᠠᠷ ᠤᠬᠠᠭᠤᠯᠵᠤ ᠪᠠᠶᠢᠭ᠎ᠠ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠪᠠ ᠰᠢᠯᠭᠠᠯᠲᠠ ᠶᠢᠨ ᠲᠠᠯᠠᠪᠤᠷ ᠤᠨ ᠲᠤᠬᠠᠶᠢᠯᠠᠭᠰᠠᠨ ᠠᠵᠢᠯ ᠢ ᠴᠥᠮ ᠵᠣᠭᠰᠣᠭᠠᠬᠤ ᠶᠢᠨ ᠬᠠᠮᠲᠤ ᠪᠠᠶᠢᠴᠠᠭᠠᠬᠤ ᠵᠢᠷᠤᠮ ᠢ ᠡᠬᠢᠯᠡᠭᠦᠯᠦᠨ᠎ᠡ︔ ᠰᠢᠯᠭᠠᠯᠲᠠ ᠳᠤ ᠬᠡᠮ ᠬᠢᠵᠦ ᠪᠠᠶᠢᠭ᠎ᠠ ᠰᠢᠯᠭᠠᠯᠲᠠ ᠶᠢᠨ ᠲᠠᠯᠠᠪᠤᠷ ᠠᠴᠠ ᠳᠠᠭᠢᠵᠤ ᠦᠶᠯᠡᠴᠢᠯᠡᠭᠡ ᠬᠤᠳᠠᠯᠳᠤᠨ ᠠᠪᠬᠤ ᠥᠬᠡᠶ᠂ ᠰᠢᠯᠭᠠᠯᠲᠠ ᠶᠢᠨ ᠲᠠᠯᠠᠪᠤᠷ  ᠤᠨ ᠬᠢᠷᠢ ᠬᠡᠮ ᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号