ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠠᠵᠢᠯ ᠤᠳ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/2
    ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 31 ᠤ ᠡᠳᠦᠷ ᠤᠨ ᠴᠠᠭᠢᠯᠭᠠᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 31 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ᠂ ︽ᠪᠦᠭᠦᠳᠡ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠪᠠ    ︽ᠪᠦᠭᠦᠳᠡ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠤᠯᠤᠰ ᠤᠨ ᠴᠡᠴᠡᠷᠯᠢᠭ ᠤᠨ ᠬᠠᠤᠯᠢ ︵ᠡᠬᠡ ᠲᠥᠰᠥᠯ︶︾ ᠶᠢ ᠶᠠᠷᠢᠯᠴᠠᠪᠠ᠃    ᠬᠤᠷᠠᠯᠳᠤᠭᠠᠨ ᠢᠶᠠᠷ᠂ ᠦᠵᠡᠯ ᠰᠠᠨᠠᠭ᠎ᠠ ᠪᠠ ᠲᠠᠨᠢᠯᠲᠠ ᠪᠠᠨ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠳᠤ ᠨᠢᠭᠡᠳᠬᠡᠵᠦ᠂ ᠢᠲᠡᠭᠡᠯ ᠪᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ᠂ ᠭᠦᠨᠵᠡᠭᠡᠢ᠂ ᠲᠦᠢᠯᠪᠤᠷᠢᠲᠠᠢ ᠬᠢᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠪᠠᠶᠢᠳᠠᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠᠲᠤ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ ᠴᠢᠩᠭᠠᠳᠬᠠᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠬᠢᠴᠠ ᠶᠢ ᠲᠦᠷᠭᠡᠳᠬᠡᠬᠦ ᠪᠠᠷ ᠪᠠᠷᠠᠬᠤ ᠦᠭᠡᠢ ᠨᠢᠭᠡ ᠪᠦᠯᠦᠭ ᠬᠡᠷᠡᠭᠵᠢᠭᠦᠯᠬᠦ ᠴᠢᠨᠠᠷ ᠢᠶᠠᠷ ᠴᠢᠩᠭ᠎ᠠ᠂ ᠦᠷ᠎ᠡ ᠪᠦᠲᠦᠮᠵᠢ ᠪᠠᠷ ᠰᠠᠶᠢᠨ᠂ ᠤᠯᠠᠨ ᠲᠦᠮᠡᠨ ᠪᠠ ᠠᠵᠤ ᠠᠬᠤᠶᠢᠯᠠᠯ ᠳᠤ ᠮᠡᠳᠡᠭᠳᠡᠬᠦ᠋ᠢᠴᠡ ᠠᠰᠢᠭ ᠬᠦᠷᠲᠡᠭᠡᠬᠦ᠋ᠢᠴᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠡᠭᠦᠬᠡᠨ ᠰᠤᠳᠤᠯᠤᠨ ᠲᠣᠭᠲᠠᠭᠠᠬᠤ ᠬᠡᠷᠡᠭᠲᠡᠢ᠃ ᠭᠤᠣᠯᠳᠠᠯᠭ᠎ᠠ ᠶᠢ ᠲᠣᠪᠤᠶᠢᠯᠭᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠮᠵᠢ ᠪᠠ ᠠᠷᠭ᠎ᠠ ᠬᠢᠳᠡᠯ ᠳᠤ ᠪᠠᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠰᠢᠪᠲᠤᠯᠤᠯᠲᠠ ᠭᠠᠷᠭᠠᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ᠤᠯᠠᠮ ᠨᠢᠭᠡ ᠠᠯᠬᠤᠮ ᠵᠢᠱᠢᠯᠲᠡ ᠶᠢ ᠲᠣᠭᠲᠠᠪᠤᠷᠢᠵᠢᠭᠤᠯᠤᠨ ᠢᠲᠡᠭᠡᠯ ᠢᠶᠠᠨ ᠪᠠᠲᠤᠳᠬᠠᠵᠤ᠂ ᠦᠨᠡᠨ ᠪᠣᠳᠠᠲᠠᠢ ᠪᠠᠷ ᠠᠵᠢᠯᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠥᠭᠡᠷᠡᠴᠢᠯᠡᠯᠲᠡ ᠶᠢᠨ ᠠᠵᠢᠯᠯᠠᠭ᠎ᠠ ᠳᠤ ᠲᠦᠰᠢᠭᠯᠡᠨ᠂ ᠨᠠᠩ ᠣᠯᠠᠨ ᠢᠳᠡᠪᠬᠢᠲᠡᠢ ᠳᠣᠬᠢᠶ᠎ᠠ ᠲᠠᠯᠪᠢᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢᠶᠠᠨ ᠪᠣᠯᠭᠠᠵᠤ ᠪᠠᠶᠢᠭᠠᠳ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯᠳᠤᠭᠠᠨ ᠢᠶᠠᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠴᠡᠴᠡᠷᠯᠢᠭ ᠤᠨ ᠬᠠᠤᠯᠢ ︵ᠲᠥᠰᠥᠯ︶︾ ᠶᠢ ᠶᠠᠷᠢᠯᠴᠠᠭᠰᠠᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠬᠤᠶᠠᠷ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠪᠠᠲᠤᠯᠠᠭᠤᠯᠬᠤ ᠪᠠᠷ ᠲᠣᠭᠲᠠᠪᠠ᠃ ᠬᠤᠷᠠᠯᠳᠤᠭᠠᠨ ᠢᠶᠠᠷ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠪᠠ ᠴᠢᠯᠦᠭᠡᠲᠡᠢ ᠶᠠᠪᠤᠯᠴᠠᠬᠤ ᠶᠢ ᠥᠷᠭᠡᠳᠬᠡᠬᠦ ᠳᠤ ᠬᠥᠨᠳᠡᠯᠡᠨ ᠠᠴᠠ ᠲᠠᠰᠤᠯᠬᠤ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠣᠯᠠᠨ ᠤᠯᠤᠰ ᠤᠨ ᠲᠡᠷᠢᠭᠦᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠬᠠᠷᠭᠤᠭᠤᠯᠤᠨ ᠪᠠᠶᠢᠴᠠᠭᠠᠵᠤ᠂ ᠮᠠᠨ ᠤ ᠤᠯᠤᠰ ᠤᠨ ᠬᠥᠨᠳᠡᠯᠡᠨ ᠠᠴᠠ ᠲᠠᠰᠤᠯᠬᠤ ᠶᠢᠨ ᠢᠲᠡᠭᠡᠭᠦᠯᠬᠦ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠨᠥᠯᠥᠭᠡᠯᠡᠬᠦ ᠬᠦᠴᠦᠨ ᠪᠦᠬᠦᠢ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠤᠨ ᠬᠠᠤᠯᠢ ᠶᠢ ᠲᠣᠭᠲᠠᠭᠠᠬᠤ ᠪᠠᠷ ᠲᠣᠬᠢᠶᠠᠯ ᠢᠶᠠᠨ ᠪᠣᠯᠭᠠᠵᠤ᠂ ᠤᠯᠤᠰ ᠤᠨ ᠴᠡᠴᠡᠷᠯᠢᠭ ᠢ ᠬᠠᠮᠠᠭᠠᠯᠠᠬᠤ ᠪᠠ ᠬᠠᠮᠢᠶᠠᠷᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠤᠯᠠᠨ ᠲᠠᠯ᠎ᠠ ᠶᠢᠨ ᠬᠢᠨ ᠣᠷᠣᠯᠴᠠᠭᠰᠠᠨ᠂ ᠨᠡᠶᠢᠭᠡᠮ ᠨᠡᠶᠢᠲᠡ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢ ᠬᠠᠮᠠᠭᠠᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号