ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠬᠦᠴᠦᠷᠬᠡᠭ ᠶᠡᠭᠡ ᠪᠠᠲᠤ ᠪᠠᠬᠢ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/8/2
    ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠦᠳᠡ ᠶᠢᠨ ᠬᠤᠶᠢᠨ᠎ᠠ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠵᠤ᠂ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠳᠣᠲᠣᠭᠠᠳᠤ ᠱᠠᠭᠠᠷᠳᠠᠯᠭ᠎ᠠ ᠮᠥᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠪᠠᠶᠢᠪᠠᠰᠤ ᠵᠣᠬᠢᠬᠤ ᠠᠭᠤᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠣᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠰᠠᠭᠤᠷᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠴᠦᠷᠬᠡᠭ ᠶᠡᠭᠡ ᠪᠠᠲᠤ ᠪᠠᠬᠢ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠡᠨᠡ ᠤᠳᠠᠭ᠎ᠠ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠡᠨ ᠶᠠᠪᠤᠭᠳᠠᠪᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠠᠳ ᠤᠨ ᠴᠢᠯᠦᠭᠡᠯᠡᠬᠦ ᠴᠡᠷᠢᠭ ᠤᠨ ᠪᠦᠭᠦ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ︕    ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠠᠮᠲᠤᠷᠠᠭᠰᠠᠨ ᠱᠲ᠋ᠠᠪ ᠤᠨ ᠭᠠᠵᠠᠷ ᠤᠨ ᠬᠤᠸᠠᠩ ᠵᠢᠢ ᠵᠦᠩ ᠨᠥᠬᠦᠷ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃    ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠡᠷᠬᠡ ᠮᠡᠳᠡᠯ ᠤᠨ ᠴᠢᠬᠤᠯᠠ ᠪᠡᠯᠭᠡ ᠲᠡᠮᠳᠡᠭ᠂ ᠤᠯᠤᠰ ᠤᠨ ᠠᠮᠤᠷ ᠲᠦᠪᠰᠢᠨ ᠤ ᠴᠢᠬᠤᠯᠠ ᠪᠣᠭᠤᠮᠲᠠ᠂ ᠤᠯᠤᠰ ᠤᠨ ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ᠂ ᠮᠠᠨ ᠤ ᠨᠠᠮ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠵᠤ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ᠂ ᠬᠦᠴᠦᠨ ᠤ ᠪᠦᠲᠦᠴᠡ᠂ ᠲᠦᠷᠦ ᠶᠢᠨ ᠪᠣᠳᠣᠯᠭ᠎ᠠ ᠳᠦᠷᠢᠮ ᠵᠡᠷᠭᠡ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢ ᠤᠳᠤᠷᠢᠳᠤᠨ ᠬᠡᠷᠡᠭᠵᠢᠭᠦᠯᠵᠦ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠠᠯᠢ ᠤᠯᠠᠨ ᠴᠢᠬᠤᠯᠠ ᠶᠡᠭᠡ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠦ᠂ ᠮᠠᠨ ᠤ ᠤᠯᠤᠰ ᠤᠨ ᠨᠤᠲᠤᠭ ᠳᠡᠪᠢᠰᠬᠡᠷ ᠤᠨ ᠡᠷᠬᠡ ᠮᠡᠳᠡᠯ ᠪᠠ ᠲᠠᠯᠠᠢ ᠲᠠᠩᠭᠢᠰ ᠤᠨ ᠡᠷᠬᠡ ᠠᠰᠢᠭ ᠢ ᠬᠦᠴᠦᠲᠡᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠢ ᠬᠠᠮᠠᠭᠠᠯᠠᠪᠠ᠃ ᠮᠠᠨ ᠤ ᠤᠯᠤᠰ ᠤᠨ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠰᠢᠨ᠎ᠡ ᠭᠠᠷᠤᠭ᠎ᠠ ᠳᠡᠭᠡᠷ᠎ᠡ ᠵᠣᠭᠰᠣᠵᠠᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠳᠦᠨ ᠤᠯᠠᠷᠢᠵᠤ᠂ ᠮᠠᠨ ᠤ ᠤᠯᠤᠰ ᠤᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠳᠣᠲᠣᠭᠠᠳᠤ ᠠᠭᠤᠯᠤᠭᠳᠠᠬᠤᠨ ᠪᠣᠯᠣᠨ ᠭᠠᠳᠠᠭᠰᠢ ᠲᠡᠯᠡᠷᠡᠯ ᠳᠤ ᠭᠦᠨᠵᠡᠭᠡᠢ ᠬᠤᠪᠢᠷᠠᠯᠲᠠ ᠭᠠᠷᠴᠤ᠂ ᠨᠥᠯᠥᠭᠡᠯᠡᠬᠦ ᠬᠦᠴᠦᠨ ᠵᠦᠢᠯ ᠨᠠᠩ ᠨᠠᠷᠢᠨ ᠪᠤᠳᠤᠯᠢᠶᠠᠨᠲᠠᠢ ᠪᠣᠯᠵᠤ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠵᠠ ᠲᠣᠭᠢᠶᠠᠯ ᠪᠣᠯᠣᠨ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠤᠯᠤᠰ ᠢᠶᠠᠨ ᠬᠠᠮᠠᠭᠠᠯᠠᠵᠤ ᠬᠢᠯᠢ ᠪᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠪᠠ ᠬᠢᠯᠢ ᠳᠠᠭᠠᠤ ᠲᠠᠯᠠᠢ ᠳᠠᠭᠠᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠴᠢᠩᠭᠠᠳᠬᠠᠵᠤ᠂ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠵᠤ ᠴᠢᠳᠠᠬᠤ ᠮᠥᠷᠲᠡᠭᠡᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠵᠤ ᠴᠢᠳᠠᠬᠤ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ᠂ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠰᠢᠨ᠎ᠡ ᠠᠷᠭ᠎ᠠ ᠪᠠᠷᠢᠯ ᠪᠣᠯᠣᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠪᠣᠰᠤᠭ᠎ᠠ ᠴᠣᠭᠴᠠᠲᠤ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠤᠯᠤᠰ ᠯᠤᠭ᠎ᠠ ᠶᠢᠨ ᠡᠶᠡᠯᠳᠡᠭ ᠬᠥᠷᠰᠢ ᠶᠢᠨ ᠨᠥᠭᠦᠷᠰᠡᠭ ᠶᠠᠪᠤᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠡᠷᠭᠢᠨ ᠲᠣᠭᠤᠷᠢᠨ ᠤ ᠣᠷᠴᠢᠨ ᠨᠥᠬᠦᠴᠡᠯ ᠢ ᠪᠤᠢ ᠪᠤᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠨᠢᠭᠡᠨᠲᠡ ᠣᠯᠣᠭᠰᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠢᠭᠡᠨᠲᠡ ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠠᠷᠠᠭᠠᠴᠢ ᠶᠢᠨ ᠥᠭᠡᠷᠡᠴᠢᠯᠡᠯᠲᠡ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠢᠯᠯᠠᠭᠤᠯᠬᠤ ᠶᠢᠨ ᠳᠠᠭᠠᠤ ᠥᠭᠡᠷᠡᠴᠢᠯᠡᠯᠲᠡ ᠬᠢᠬᠦ᠂ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠬᠢᠯᠢ ᠳᠠᠯᠠᠢ ᠶᠢᠨ ᠰᠡᠷᠭᠡᠶᠢᠯᠡᠯᠲᠡ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠢ ᠰᠢᠯᠢᠳᠡᠭᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠳᠠᠯᠠᠢ ᠶᠢᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠢᠯᠭᠤᠮ ᠤᠷᠤᠭᠰᠢᠲᠠᠢ ᠪᠥᠭᠡᠳ ᠥᠨᠳᠥᠷ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠳᠣᠣᠷ᠎ᠠ ᠠᠭᠠᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠣᠳᠣ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠨᠢ ᠴᠡᠷᠢᠭ ᠠᠩᠭᠢ ᠪᠠ ᠣᠷᠣᠨ ᠨᠤᠲᠤᠭ ᠤᠨ ᠣᠯᠠᠨ ᠰᠠᠯᠠᠭ᠎ᠠ ᠮᠥᠴᠢᠷ᠂ ᠣᠯᠠᠨ ᠲᠠᠰ ᠳᠠᠪᠬᠤᠷᠭ᠎ᠠ ᠳᠤ ᠬᠤᠯᠪᠣᠭᠳᠠᠵᠤ ᠪᠠᠶᠢᠳᠠᠭ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠳᠠᠪᠠᠭᠤᠯᠢᠭ ᠢ ᠪᠠᠳᠠᠷᠠᠭᠤᠯᠵᠤ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠴᠡᠷᠢᠭ ᠠᠩᠭᠢ ᠪᠠ ᠣᠷᠣᠨ ᠨᠤᠲᠤᠭ ᠤᠨ ᠲᠥᠯᠥᠪᠯᠡᠭᠡ ᠶᠢ ᠵᠣᠯᠭᠠᠭᠤᠯᠬᠤ᠂ ᠡᠭᠦᠷᠭᠡ ᠶᠢ ᠵᠣᠯᠭᠠᠭᠤᠯᠬᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠴᠡᠷᠢᠭ ᠴᠠᠭᠳᠠᠭ᠎ᠠ ᠠᠷᠠᠳ ᠬᠤᠯᠪᠤᠭᠠᠯᠠᠨ ᠰᠡᠷᠭᠡᠶᠢᠯᠡᠵᠦ ᠵᠢᠯᠤᠭᠤᠳᠬᠤ ᠪᠠ ᠠᠵᠢᠯᠯᠠᠭᠠᠨ ᠤ ᠬᠠᠮᠵᠢᠯᠴᠠᠭ᠎ᠠ ᠶᠢ ᠴᠢᠩᠭᠠᠳᠬᠠᠵᠤ᠂ ᠨᠢᠭᠡ ᠬᠥᠯᠭᠡ ᠰᠢᠲᠠᠷ᠎ᠠ ᠶᠢ ᠪᠦᠷᠢᠯᠳᠦᠭᠦᠯᠵᠦ᠂ ᠨᠢᠭᠲᠠᠷᠠᠨ ᠪᠦᠯᠬᠦᠮᠳᠡᠬᠦ ᠬᠡᠷᠡᠭᠲᠡᠢ᠃ ᠴᠡᠷᠢᠭ ᠠᠩᠭᠢ ᠣᠷᠣᠨ ᠨᠤᠲᠤᠭ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠯᠣᠯᠴᠠᠭ᠎ᠠ ᠵᠣᠬᠢᠴᠠᠭᠤᠯᠭ᠎ᠠ ᠪᠠᠨ ᠰᠠᠶᠢᠲᠤᠷ ᠬᠢᠵᠦ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠪᠠ ᠪᠠᠬᠢᠵᠢᠭᠦᠯᠬᠦ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号