ᠪᠤᠭᠤᠲᠤ ᠬᠤᠲᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠢ ᠢᠳᠡᠪᠬᠢᠲᠡᠶ ᠠᠬᠢᠭᠤᠯᠵᠤ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/8/20
    ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠤᠭᠤᠲᠤ ᠬᠤᠲᠠ ᠤᠯᠤᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠨᠢᠭᠡ ᠪᠠᠷᠢᠮᠲᠠ ᠶᠢᠨ ᠲᠦᠷᠢᠮ ᠤᠨ ᠲᠤᠷᠰᠢᠯᠲᠠ ᠶᠢᠨ ᠴᠡᠭ ᠎ ᠤᠨ ᠢᠨᠵᠧᠨᠧᠷᠢᠩ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠲᠣᠰ ᠭᠠᠵᠠᠷ ᠣᠷᠣᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶᠢᠵᠢᠭᠤᠯᠵᠤ᠂ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠂ ᠪᠠᠷᠠᠭᠠᠨ ᠤ ᠭᠦᠢᠯᠭᠡᠭᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃     ᠪᠤᠭᠤᠲᠤ ᠬᠤᠲᠠ ᠭᠤᠤᠯᠳᠠᠯᠭ᠎ᠠ ᠲᠠᠢ ᠠᠵᠤ ᠦᠶᠯᠡᠰ ᠤᠨ ᠪᠦᠯᠦᠭᠯᠡᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠣᠰ ᠪᠡᠶ᠎ᠡ ᠶᠢᠨ ᠡᠬᠢ ᠪᠠᠶᠠᠯᠢᠭ ᠢᠶᠠᠨ ᠠᠰᠢᠭᠯᠠᠨ᠂ ᠣᠯᠠᠨ ᠶᠠᠩᠵᠤ ᠶᠢᠨ ᠠᠷᠭ᠎ᠠ ᠪᠣᠳᠣᠯᠭ᠎ᠠ ᠠᠪᠴᠤ ᠪᠠᠶᠢᠭᠠᠳ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠢ ᠬᠡᠷᠡᠭᠵᠢᠭᠦᠯᠬᠦ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶᠎ ᠤᠨ ᠲᠢᠶᠧ ᠵᠢᠶᠧ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠺᠣᠮᠫᠠᠨᠢ᠂ ᠵᠦᠩ ᠯᠢᠦᠢ ᠪᠠᠷᠠᠭᠠᠨ ᠤ ᠭᠦᠢᠯᠭᠡᠭᠡ ᠶᠢᠨ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠤᠨ ᠨᠢᠭᠡᠳᠦᠭᠡᠷ ᠪᠦᠯᠦᠭ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠪᠣᠯᠭᠠᠪᠠ᠃ ᠡᠨᠡ ᠵᠢᠯ ᠤᠨ 1—7 ᠳ᠋ᠤᠭᠠᠷ ᠰᠠᠷ᠎ᠠ ᠳᠤ᠂ ᠲᠢᠶᠧ ᠵᠢᠶᠧ ᠪᠠᠷᠠᠭᠠᠨ ᠤ ᠭᠦᠢᠯᠭᠡᠭᠡ ᠶᠢᠨ ᠺᠣᠮᠫᠠᠨᠢ ᠭᠤᠷᠪᠠᠨ ᠵᠤᠷᠪᠤᠰ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠳᠦᠷᠢᠮ︾᠎ ᠤᠨ ᠵᠢᠱᠢᠶ᠎ᠡ ᠦᠵᠡᠭᠦᠯᠬᠦ ᠱᠤᠭᠤᠮ ᠳᠤ ᠲᠦᠰᠢᠭᠯᠡᠨ᠂ 512.6 ᠲᠦᠮᠡᠨ ᠲᠣᠨ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ ᠶᠢ ᠪᠡᠶᠡᠯᠡᠭᠦᠯᠵᠡᠢ᠂ ᠡᠭᠦᠨ ᠳᠤ ᠵᠠᠰᠠᠮᠠᠯ ᠵᠠᠮ ᠲᠡᠮᠦᠷ ᠵᠠᠮ ︵ᠤᠰᠤᠨ︶᠎ ᠤᠨ ᠴᠢᠩᠭᠡᠯᠢᠭ ᠤᠨ ᠲᠡᠭᠡᠭᠡᠪᠦᠷᠢ ᠶᠢᠨ ᠬᠡᠮᠵᠢᠶ᠎ᠡ 17.67 ᠲᠦᠮᠡᠨ ᠲᠣᠨ ᠪᠠᠶᠢᠨ᠎ᠠ᠃ ᠵᠦᠩ ᠯᠢᠦᠢ ᠪᠠᠷᠠᠭᠠᠨ ᠤ ᠭᠦᠢᠯᠭᠡᠭᠡ ᠶᠢᠨ ᠺᠣᠮᠫᠠᠨᠢ ᠲᠢᠶᠠᠨᠵᠢᠨ ᠭᠠᠷᠠᠮ ᠤᠨ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠳᠤ ᠲᠦᠰᠢᠭᠯᠡᠨ᠂ ᠨᠡᠶᠢᠲᠡ 41.7 ᠲᠦᠮᠡᠨ ᠲᠣᠨ ᠵᠥᠭᠡᠭᠡᠪᠦᠷᠢᠯᠡᠵᠡᠶ᠃     ᠡᠨᠡ ᠵᠢᠯ ᠤᠨ 4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠵᠥᠩ ᠶᠤᠸᠠᠨ ᠲᠡᠯᠡᠶ ᠶᠢᠨ ᠲᠡᠭᠡᠭᠡᠪᠦᠷᠢ ᠶᠢᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠺᠣᠮᠫᠠᠨᠢ ᠨᠢ ᠬᠤᠶᠠᠳᠤᠭᠠᠷ ᠪᠦᠯᠦᠭ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠬᠤ ᠠᠵᠤ ᠠᠬᠤᠶᠢᠯᠠᠯ ᠳᠤ ᠠᠮᠵᠢᠯᠲᠠ ᠲᠠᠢ ᠰᠣᠩᠭᠤᠭᠳᠠᠨ ᠣᠷᠣᠵᠤ᠂ ᠲᠥᠷᠥᠯ ᠵᠦᠶᠯ ᠨᠢ ᠭᠤᠤᠯᠳᠠᠭᠤ ᠰᠠᠭᠤᠷᠢ ᠲᠦᠭᠦᠭᠡᠷᠤᠮᠵᠢ ᠶᠢ ᠳᠡᠭᠡᠭᠰᠢᠯᠡᠭᠦᠯᠬᠦ᠂ ᠲᠤᠨᠤᠭ ᠲᠥᠬᠦᠭᠡᠷᠦᠮᠵᠢ ᠬᠤᠳᠠᠯᠳᠤᠨ ᠠᠪᠬᠤ᠂ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ᠂ ᠲᠤᠭ᠎ᠠ ᠪᠠᠷᠢᠮᠲᠠ ᠶᠢ ᠴᠢᠯᠥᠭᠡᠲᠡᠶ ᠬᠠᠮᠲᠤ ᠪᠠᠷ ᠡᠳ᠋ᠯᠡᠬᠦ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠬᠦ᠂ ︽ᠨᠢᠭᠡ ᠪᠠᠷᠢᠮᠲᠠ ᠶᠢᠨ ᠲᠦᠷᠢᠮ︾ ᠂ ︽ᠨᠢᠭᠡ ᠴᠢᠩᠬᠡᠯᠢᠭ ᠤᠨ         ᠲᠦᠷᠢᠮ︾᠎ ᠤᠨ ᠲᠡᠭᠡᠭᠡᠪᠦᠷᠢ ᠶᠢᠨ ᠪᠠᠷᠢᠮᠲᠠ ᠶᠢᠨ ᠬᠡᠷᠡᠭᠯᠡᠯᠲᠡ ᠶᠢᠨ ᠪᠠᠶᠢᠳᠠᠯ ᠵᠡᠷᠭᠡ ᠶᠢᠨ ᠲᠣᠭᠤᠷᠢᠨ ᠳᠤ 6 ᠰᠠᠷ᠎ᠠ ᠎ ᠶᠢᠨ ᠬᠤᠭᠤᠴᠠᠭ᠎ᠠ ᠪᠥᠬᠦᠶ ᠲᠥᠷᠥᠯ ᠵᠦᠶᠯ ᠤᠨ ᠬᠡᠷᠡᠭᠵᠢᠭᠦᠯᠦᠯᠲᠡ ᠶᠢ ᠥᠷᠨᠢᠭᠦᠯᠪᠡ᠃ ᠣᠳᠣᠬᠠᠨ ᠳᠤ ᠲᠡᠭᠡᠭᠡᠪᠦᠷᠢ ᠎ ᠶᠢᠨ ᠱᠤᠭᠤᠮ ᠨᠢ ᠤᠷᠳᠤᠰ — ᠲᠢᠶᠠᠨᠵᠢᠨ ᠭᠠᠷᠠᠮ — ᠢᠲ᠋ᠠᠯᠢ ᠵᠡᠷᠭᠡ ᠭᠠᠵᠠᠷ ᠢ ᠬᠠᠮᠤᠷᠴᠤ ᠪᠤᠢ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ 8.22 ᠲᠦᠮᠡᠨ ᠲᠣᠨ ᠪᠠᠷᠠᠭ᠎ᠠ ᠲᠡᠭᠡᠭᠡᠪᠦᠷᠢᠯᠡᠵᠦ᠂ ᠲᠡᠭᠡᠭᠡᠪᠦᠷᠢᠯᠡᠭᠰᠡᠨ ᠪᠠᠷᠢᠮᠲᠠ ᠶᠢᠨ ᠲᠤᠭ᠎ᠠ ᠨᠢ 146᠂ ᠡᠵᠡᠩᠨᠡᠯᠲᠡ ᠶᠢᠨ ᠣᠷᠣᠯᠭ᠎ᠠ ᠨᠢ 6851 ᠲᠦᠮᠡᠨ ᠲᠥᠭᠦᠷᠢᠭ ᠲᠤ ᠬᠦᠷᠴᠦ᠂ ᠣᠳᠣᠬᠠᠨ ᠳᠤ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠪᠣᠯᠣᠳ ᠣᠷᠢᠶᠠᠮᠠᠯ ᠤᠨ ᠴᠢᠩᠭᠡᠯᠢᠭ ᠢ ᠵᠠᠰᠠᠮᠠᠯ ᠵᠠᠮ ᠲᠡᠮᠦᠷ ᠵᠠᠮ ᠲᠠᠯᠠᠢ ᠶᠢᠨ ᠵᠠᠮ ᠢᠶᠠᠷ ᠬᠠᠮᠲᠤᠷᠠᠨ ᠲᠡᠭᠡᠭᠡᠪᠦᠷᠢᠯᠡᠬᠦ ᠲᠦᠷᠦᠯ ᠵᠦᠢᠯ ᠢ ᠥᠷᠭᠡᠳᠬᠡᠵᠦ ᠪᠤᠢ᠃ ᠲᠤᠷᠰᠢᠯᠲᠠ ᠶᠢᠨ ᠴᠡᠭ ᠎ ᠤᠨ ᠢᠨᠵᠧᠨᠧᠷᠢᠩ ᠤᠨ ᠭᠦᠨᠵᠡᠭᠡᠶ ᠬᠡᠷᠡᠭᠵᠢᠭᠦᠯᠦᠭᠳᠡᠬᠦ ᠶᠢ ᠳᠠᠭᠠᠯᠳᠤᠨ᠂ ᠪᠠᠷᠠᠭᠠᠨ ᠤ ᠭᠦᠢᠯᠭᠡᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠲᠠᠯ᠎ᠠ ᠎ ᠪᠠᠷ ᠨᠠᠩ ᠣᠯᠠᠨ ᠰᠢᠪᠲᠤᠯᠤᠯᠲᠠ ᠣᠯᠬᠤ ᠪᠣᠯᠣᠮᠵᠢ ᠲᠠᠢ ᠪᠣᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠎ ᠶᠢᠨ ︽ᠨᠢᠭᠡ ᠪᠠᠷᠢᠮᠲᠠ ᠶᠢᠨ ᠲᠦᠷᠢᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ      ︽ᠨᠢᠭᠡ ᠪᠠᠷᠢᠮᠲᠠ ᠶᠢᠨ ᠲᠦᠷᠢᠮ︾᠎ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ ᠵᠢᠯᠣᠭᠤᠳᠬᠤ ᠡᠭᠦᠷᠭᠡ ᠴᠢᠳᠠᠪᠬᠢ ᠪᠠᠨ ᠢᠳᠡᠪᠬᠢᠲᠡᠶ ᠪᠠᠳᠠᠷᠠᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾᠎ ᠤᠨ ᠲᠤᠷᠰᠢᠯᠲᠠ ᠶᠢᠨ ᠴᠡᠭ ᠤᠨ ᠠᠵᠢᠯ ᠢ ᠨᠠᠶᠢᠳᠠᠪᠤᠷᠢᠵᠢᠭᠤᠯᠤᠨ ᠭᠦᠨᠵᠡᠭᠡᠶᠢᠷᠡᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠎ ᠶᠢ ᠥᠷᠭᠡᠳᠬᠡᠬᠦ ᠶᠢ ᠠᠬᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠦᠶᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠣᠲᠣ ᠦᠶ᠎ᠡ ᠎ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号